Paper Information


Title ᠮᠤᠩᠭ᠋ᠤᠯ ᠰᠤᠷᠤᠭᠴᠢᠳ ᠤᠨ ᠠᠩᠭ᠍ᠯᠢ ᠬᠡᠯᠡ ᠰᠤᠷᠤᠯᠴᠠᠯᠭ᠎ᠠ ᠳᠡᠬᠢ ᠮᠤᠩᠭ᠋ᠤᠯ ᠬᠢᠳᠠᠳ ᠬᠡᠯᠡᠨ ᠤ ᠨᠡᠭᠦᠯᠳᠡ ᠶᠢᠨ ᠨᠦᠯᠦᠭᠡᠯᠡᠯ
Creator ᠬᠤᠸᠠᠷ᠎ᠠ; ᠽᠦᠢ ᠯᠢᠶᠠᠨ
Keyword ᠮᠤᠩᠭ᠋ᠤᠯ ᠰᠤᠷᠤᠭᠴᠢ; ᠠᠩᠭ᠍ᠯᠢ ᠬᠡᠯᠡᠨ ᠤ ᠰᠤᠷᠤᠯᠴᠠᠯᠭ᠎ᠠ; ᠮᠤᠩᠭ᠋ᠤᠯ ᠬᠢᠳᠠᠳ ᠬᠡᠯᠡᠨ ᠤ ᠨᠡᠭᠦᠯᠳᠡ
Abstract ᠮᠤᠩᠭ᠋ᠤᠯ ᠰᠤᠷᠤᠭᠴᠢᠳ ᠲᠤ ᠠᠪᠴᠤ ᠬᠡᠯᠡᠪᠡᠯ᠂ ᠮᠤᠩᠭ᠋ᠤᠯ ᠬᠡᠯᠡ ᠪᠤᠯ ᠲᠡᠳᠡᠨ ᠤ ᠲᠦᠷᠦᠯᠬᠢ ᠬᠡᠯᠡ᠂ ᠬᠢᠳᠠᠳ ᠬᠡᠯᠡ ᠪᠤᠯ ᠬᠤᠶᠠᠳᠤᠭᠠᠷ ᠬᠡᠯᠡ᠂ ᠠᠩᠭ᠍ᠯᠢ ᠬᠡᠯᠡ ᠪᠤᠯ ᠭᠤᠷᠪᠠᠳᠤᠭᠠᠷ ᠬᠡᠯᠡ ᠪᠤᠯᠬᠤ ᠶᠤᠮ᠃ ᠲᠡᠳᠡᠨ ᠤ ᠠᠩᠭ᠍ᠯᠢ ᠬᠡᠯᠡᠨ ᠤ ᠰᠤᠷᠤᠯᠴᠠᠯᠭ᠎ᠠ ᠶᠢ ᠬᠢᠳᠠᠳ ᠬᠡᠯᠡ ᠪᠡᠷ ᠵᠠᠭᠤᠴᠢ ᠪᠤᠭᠠᠨ ᠶᠠᠪᠤᠭᠳᠠᠭᠤᠯᠳᠠᠭ ᠡᠴᠡ ᠰᠤᠷᠤᠯᠴᠠᠯᠭ᠎ᠠ ᠶᠢᠨ ᠬᠦᠴᠢᠷᠳᠡᠯ ᠢ ᠨᠡᠮᠡᠭᠳᠡᠭᠦᠯᠦᠭᠰᠡᠨ ᠪᠠᠢ᠌ᠨ᠎ᠠ᠃ ᠡᠨᠡ ᠬᠦ ᠬᠦᠴᠢᠷᠳᠡᠯ ᠨᠢ ᠭᠤᠤᠯᠳᠠᠭᠤ ᠮᠤᠩᠭ᠋ᠤᠯ ᠰᠤᠷᠤᠭᠴᠢᠳ ᠤᠨ ᠰᠤᠶᠤᠯ ᠰᠡᠳᠭᠢᠬᠦᠢ ᠶᠢᠨ ᠤᠷᠴᠢᠨ᠂ ᠮᠤᠩᠭ᠋ᠤᠯ ᠬᠢᠳᠠᠳ ᠬᠤᠶᠠᠷ ᠬᠡᠯᠡᠨ ᠤ ᠨᠡᠭᠦᠯᠳᠡ ᠶᠢᠨ ᠨᠦᠯᠦᠭᠡ ᠵᠢᠴᠢ ᠮᠤᠩᠭ᠋ᠤᠯ ᠬᠡᠯᠡ ᠪᠡᠷ ᠵᠠᠭᠤᠴᠢ ᠪᠤᠯᠭᠠᠭᠰᠠᠨ ᠠᠩᠭ᠍ᠯᠢ ᠬᠡᠯᠡᠨ ᠤ ᠬᠢᠴᠢᠶᠡᠯ ᠤᠨ ᠪᠢᠴᠢᠭ᠌ ᠲᠤᠳᠠᠭᠳᠠᠵᠤ ᠪᠠᠢ᠌ᠭ᠎ᠠ ᠵᠡᠷᠭᠡ ᠬᠡᠳᠦᠨ ᠲᠠᠯ᠎ᠠ ᠪᠡᠷ ᠢᠯᠡᠷᠡᠵᠦ ᠪᠠᠢ᠌ᠨ᠎ᠠ᠃ ᠮᠠᠨ ᠤ ᠤᠯᠤᠰ ᠨᠢ ᠮᠤᠩᠭ᠋ᠤᠯ᠂ ᠬᠢᠳᠠᠳ᠂ ᠠᠩᠭ᠍ᠯᠢ ᠭᠤᠷᠪᠠᠨ ᠬᠡᠯᠡᠨ ᠤ ᠪᠠᠭᠰᠢ ᠶᠢ ᠬᠦᠮᠦᠵᠢᠭᠦᠯᠬᠦ᠂ ᠮᠤᠩᠭ᠋ᠤᠯ ᠠᠩᠭ᠍ᠯᠢ ᠬᠡᠯᠡᠨ ᠤ ᠵᠢᠭᠠᠬᠤ ᠮᠠᠲ᠋ᠸᠷᠢᠶᠠᠯ ᠨᠠᠢ᠌ᠷᠠᠭᠤᠯᠬᠤ ᠵᠡᠷᠭᠡ ᠲᠠᠯ᠎ᠠ ᠡᠴᠡ ᠭᠠᠷᠳᠠᠨ ᠮᠤᠩᠭ᠋ᠤᠯ ᠰᠤᠷᠤᠭᠴᠢᠳ ᠲᠤ ᠠᠩᠭ᠍ᠯᠢ ᠬᠡᠯᠡ ᠵᠢᠭᠠᠬᠤ ᠬᠢᠴᠢᠶᠡᠯ ᠬᠦᠮᠦᠵᠢᠯ ᠤᠨ ᠦᠭᠡᠷᠡᠴᠢᠯᠡᠯᠳᠡ ᠬᠢᠵᠦ᠂ ᠲᠡᠳᠡᠨ ᠤ ᠠᠩᠭ᠍ᠯᠢ ᠬᠡᠯᠡ ᠰᠤᠷᠤᠯᠴᠠᠬᠤ ᠦᠷ᠎ᠡ ᠪᠦᠳᠦᠮᠵᠢ ᠶᠢ ᠲᠭᠡᠭ᠍ᠰᠢᠯᠡᠭᠦᠯᠬᠦ ᠴᠢᠬᠤᠯᠠ ᠲᠠᠢ᠃
Original Literature View Original Paper
出自 赤峰学院学报(蒙文哲学社会科学版) 2015年 第5期

联系我们


内蒙古大学图书馆
呼和浩特市大学西路235号
中国·内蒙古
P: (0471) 4992561
E: huangfeilong@imu.edu.cn