Paper Information


Title ᠴᠢᠩ ᠤᠯᠤᠰ ᠤᠨ ᠦᠶ᠎ᠡ ᠶᠢᠨ ᠮᠤᠩᠭ᠋ᠤᠯ ᠵᠤᠬᠢᠶᠠᠯᠴᠢᠳ ᠤᠨ ᠬᠢᠳᠠᠳ ᠬᠡᠯᠡᠳᠦ ᠪᠦᠳᠦᠭᠡᠯ ᠳᠡᠬᠢ ᠮᠤᠩᠭ᠋ᠤᠯ ᠨᠤᠳᠤᠭ ᠶᠢᠡᠷ ᠠᠶᠠᠯᠠᠭᠰᠠᠨ ᠲᠡᠮᠳᠡᠭᠯᠡᠯ ᠵᠤᠬᠢᠶᠠᠯ ᠤᠨ ᠦᠨᠳᠦᠰᠦᠳᠡᠨ ᠤ ᠤᠨᠴᠠᠯᠢᠭ
Creator ᠾᠦᠩ ᠸᠸᠢ
Keyword ᠮᠤᠩᠭ᠋ᠤᠯ ᠵᠤᠬᠢᠶᠠᠯᠴᠢᠳ ᠤᠨ ᠬᠢᠳᠠᠳ ᠬᠡᠯᠡᠳᠦ ᠪᠦᠳᠦᠭᠡᠯ; ᠮᠤᠩᠭ᠋ᠤᠯ ᠨᠤᠳᠤᠭ ᠶᠢᠡᠷ ᠠᠶᠠᠯᠠᠭᠰᠠᠨ ᠲᠡᠮᠳᠡᠭᠯᠡᠯ ᠵᠤᠬᠢᠶᠠᠯ; ᠦᠨᠳᠦᠰᠦᠳᠡᠨ ᠤ ᠤᠨᠴᠠᠯᠢᠭ
Abstract ᠦᠭᠦᠯᠡᠯ ᠳᠤ ᠴᠢᠩ ᠤᠯᠤᠰ ᠤᠨ ᠦᠶ᠎ᠧ ᠶᠢᠨ ᠮᠤᠩᠭ᠋ᠤᠯ ᠵᠤᠬᠢᠶᠠᠯᠴᠢᠳ ᠤᠨ ᠬᠢᠳᠠᠳ ᠬᠡᠯᠡᠳᠦ ᠪᠦᠳᠦᠭᠡᠯ ᠳᠡᠬᠢ ᠮᠤᠩᠭ᠋ᠤᠯ ᠨᠤᠳᠤᠭ ᠶᠢᠡᠷ ᠠᠶᠠᠯᠠᠭᠰᠠᠨ ᠲᠡᠮᠳᠡᠭᠯᠡᠯ ᠵᠤᠬᠢᠶᠠᠯ ᠢ ᠠᠳᠠᠯᠢ ᠪᠤᠰᠤ ᠴᠠᠭ ᠦᠶ᠎ᠡ ᠶᠢᠨ ᠬᠢᠳᠠᠳ ᠵᠤᠬᠢᠶᠠᠯᠴᠢᠳ ᠤᠨ ᠠᠳᠠᠯᠢ ᠲᠦᠷᠦᠯ ᠤᠨ ᠪᠦᠳᠦᠭᠡᠯ ᠯᠤᠭᠡ ᠬᠠᠷᠢᠴᠠᠭᠤᠯᠵᠤ᠂ ᠮᠤᠩᠭ᠋ᠤᠯ ᠵᠤᠬᠢᠶᠠᠯᠴᠢᠳ ᠤᠨ ᠪᠦᠳᠦᠭᠡᠯ ᠳᠤ ᠢᠯᠡᠷᠡᠭᠰᠡᠨ ᠦᠨᠳᠦᠰᠦᠳᠡᠨ ᠤ ᠤᠨᠴᠠᠯᠢᠭ ᠢ ᠨᠢ ᠦᠭᠦᠯᠡᠭᠰᠡᠨ ᠪᠠᠢ᠌ᠨ᠎ᠠ᠃ ᠮᠤᠩᠭ᠋ᠤᠯ᠂ ᠬᠢᠳᠠᠳ ᠵᠤᠬᠢᠶᠠᠯᠴᠢᠳ ᠤᠨ ᠡᠳᠡᠭᠡᠷ ᠠᠶᠠᠯᠠᠯ ᠤᠨ ᠲᠡᠮᠳᠡᠭᠯᠡᠯ ᠤᠳ ᠤᠨ ᠠᠳᠠᠯᠢᠬᠠᠨ ᠬᠡᠯᠡᠪᠷᠢ ᠶᠢᠨ ᠲᠤᠭᠠᠴᠢᠯᠳᠠ᠂ ᠲᠡᠮᠳᠡᠭᠯᠡᠯ᠂ ᠵᠢᠷᠤᠭᠯᠠᠯ ᠳᠤ ᠠᠳᠠᠯᠢ ᠪᠤᠰᠤ ᠶᠢᠨ ᠦᠨᠳᠦᠰᠦᠳᠡᠨ ᠤ ᠰᠡᠳᠭᠢᠴᠡ ᠰᠢᠩᠭᠡᠭᠡᠭ᠍ᠳᠡᠵᠦ᠂ ᠠᠳᠠᠯᠢ ᠪᠤᠰᠤ ᠬᠤᠶᠠᠷ ᠦᠨᠳᠦᠰᠦᠳᠡᠨ ᠤ ᠭᠤᠣ᠎ᠠ ᠲᠠᠭᠠᠰᠢᠶᠠᠯ ᠤᠨ ᠢᠯᠡ ᠲᠤᠳᠤ ᠵᠦᠷᠢᠶ᠎ᠡ ᠶᠢ ᠮᠠᠨᠤᠰ ᠤᠨ ᠨᠢᠳᠦᠨ ᠡᠮᠦᠨ᠎ᠡ ᠲᠡᠯᠭᠡᠭ᠍ᠰᠡᠨ ᠪᠠᠢ᠌ᠨ᠎ᠠ᠃ ᠪᠠᠢ᠌ᠭᠠᠯᠢ ᠶᠢᠨ ᠦᠩᠭᠡ ᠦᠵᠡᠮᠵᠢ ᠶᠢᠨ ᠵᠢᠷᠤᠭᠯᠠᠯ᠂ ᠠᠷᠠᠳ ᠤᠨ ᠠᠵᠤ ᠠᠮᠢᠳᠤᠷᠠᠯ ᠤᠨ ᠲᠡᠮᠳᠡᠭᠯᠡᠯ᠂ ᠦᠨᠳᠦᠰᠦᠳᠡᠨ ᠤ ᠵᠠᠩ ᠵᠠᠩᠰᠢᠯ ᠤᠨ ᠲᠦᠷᠰᠦᠯᠡᠯ ᠵᠡᠷᠭᠡ ᠡᠯ᠎ᠡ ᠲᠠᠯ᠎ᠠ ᠳᠤ ᠪᠦᠷᠢᠨ ᠢᠯᠡᠷᠡᠯ ᠶᠢᠡᠨ ᠤᠯᠵᠤ᠂ ᠡᠳᠡᠭᠡᠷ ᠨᠢ ᠮᠤᠩᠭ᠋ᠤᠯ ᠵᠤᠬᠢᠶᠠᠯᠴᠢᠳ ᠤᠨ ᠬᠢᠳᠠᠳ ᠬᠡᠯᠡᠳᠦ ᠪᠦᠳᠦᠭᠡᠯ ᠤᠨ ᠦᠨᠳᠦᠰᠦᠳᠡᠨ ᠤ ᠦᠪᠡᠷᠮᠢᠴᠡ ᠤᠨᠴᠠᠯᠢᠭ ᠢ ᠤᠯᠠᠮ ᠢᠯᠡ ᠲᠤᠳᠤ ᠪᠤᠯᠭᠠᠵᠠᠢ᠃
Original Literature No Original Paper
出自 内蒙古社会科学(蒙文版) 2001年 第3期

联系我们


内蒙古大学图书馆
呼和浩特市大学西路235号
中国·内蒙古
P: (0471) 4992561
E: huangfeilong@imu.edu.cn