Abstract |
ᠴᠢᠩᠭᠢᠰ ᠬᠠᠭᠠᠨ ᠪᠤᠯ 13᠋ ᠳᠤᠭᠠᠷ ᠵᠠᠭᠤᠨ ᠳᠠᠬᠢ ᠬᠠᠮᠤᠭ ᠠᠴᠠ ᠰᠢᠯᠭᠠᠷᠠᠭᠰᠠᠨ ᠤᠯᠤᠰ ᠲᠦᠷᠦᠴᠢᠨ ᠪᠡ ᠴᠡᠷᠢᠭ ᠳᠠᠢ᠌ᠨ ᠤ ᠪᠤᠳᠤᠯᠭᠠᠲᠠᠨ ᠮᠦᠨ᠂ ᠲᠡᠭᠦᠨ ᠦ ᠲᠡᠷᠡ ᠬᠦ ᠬᠠᠨᠳᠤᠭᠰᠠᠨ ᠵᠦᠭ ᠲᠦ ᠪᠡᠨ ᠡᠰᠡᠷᠭᠦᠴᠡᠯ ᠦᠭᠡᠢ ᠠᠤᠭ᠎ᠠ ᠠᠮᠵᠢᠯᠲᠠ ᠶᠢ ᠣᠯᠵᠤ ᠴᠢᠳᠠᠭᠰᠠᠨ ᠨᠢ ᠤᠭᠰᠠᠭ᠎ᠠ ᠦᠨᠳᠦᠰᠦᠲᠡᠨ ᠦ ᠰᠢᠯᠢᠳᠡᠭ ᠰᠤᠶᠤᠯ ᠤᠨ ᠦᠪ ᠤᠯᠠᠮᠵᠢᠯᠠᠯ ᠢ ᠵᠠᠯᠭᠠᠮᠵᠢᠯᠠᠵᠤ᠂ ᠡᠯ᠎ᠡ ᠦᠨᠳᠦᠰᠦᠲᠡᠨ ᠦ ᠡᠷᠳᠡᠮᠲᠡᠨ ᠴᠢᠳᠠᠪᠤᠷᠢᠲᠠᠨ ᠢ ᠬᠦᠨᠳᠦᠳᠭᠡᠨ ᠬᠡᠷᠡᠭᠯᠡᠭᠰᠡᠨ ᠲᠡᠢ ᠬᠤᠯᠪᠤᠭᠳᠠᠬᠤ ᠪᠠᠷ ᠦᠯᠦ ᠪᠠᠷᠠᠮ ᠪᠠᠰᠠ ᠴᠡᠷᠢᠭ ᠳᠠᠢ᠌ᠨ ᠤ ᠬᠤᠪᠢᠰᠤᠩ᠋ᠭᠤᠢ ᠠᠷᠭ᠎ᠠ ᠶᠢ ᠤᠷᠢᠳ ᠡᠮᠦᠨ᠎ᠡ ᠭᠠᠷᠤᠭ᠎ᠠ ᠦᠭᠡᠢ ᠬᠡᠮᠵᠢᠶᠡᠨ ᠳᠦ ᠬᠦᠷᠲᠡᠯ᠎ᠡ ᠬᠦᠭ᠍ᠵᠢᠭᠦᠯᠦᠭᠰᠡᠨ ᠲᠡᠢ ᠬᠤᠯᠪᠤᠭᠳᠠᠳᠠᠭ᠃ ᠲᠤᠰ ᠦᠭᠦᠯᠡᠯ ᠳᠦ ᠴᠢᠩᠭᠢᠰ ᠬᠠᠭᠠᠨ ᠤ ᠪᠡᠶ᠎ᠡ ᠪᠡᠷ ᠳᠠᠢ᠌ᠯᠠᠭᠰᠠᠨ ᠪᠤᠶᠤ ᠵᠢᠯᠤᠭᠤᠳᠤᠭᠰᠠᠨ ᠳᠠᠢ᠌ᠨ ᠤ ᠪᠤᠳᠠᠲᠠᠢ ᠦᠢᠯᠡᠳᠦᠯᠭᠡ ᠳᠤᠮᠳᠠ ᠢᠯᠡᠷᠡᠭᠰᠡᠨ ᠠᠯᠢ ᠣᠯᠠᠨ ᠪᠠᠢ᠌ᠯᠳᠤᠬᠤ ᠪᠤᠳᠤᠯᠭ᠎ᠠ ᠪᠠ ᠪᠠᠢ᠌ᠯᠳᠤᠬᠤ ᠠᠷᠭ᠎ᠠ ᠤᠳ ᠢ ᠰᠢᠨᠵᠢᠯᠡᠨ ᠵᠠᠳᠠᠯᠵᠤ᠂ ᠲᠡᠭᠦᠨ ᠦ ᠴᠡᠷᠢᠭ ᠦᠨ ᠡᠷᠳᠡᠮ ᠪᠤᠯ ᠪᠦᠷᠢᠨ ᠲᠡᠭᠦᠯᠳᠡᠷ ᠰᠢᠯᠰᠲ᠋ᠧᠮ ᠲᠡᠢ ᠲᠤᠭᠲᠠᠯᠴᠠᠭ᠎ᠠ ᠮᠦᠨ ᠭᠡᠵᠦ ᠦᠵᠡᠪᠡ᠃ |