Paper Information


Title ᠮᠣᠩ᠋ᠭᠤᠯ ᠡᠮᠨᠡᠯᠭᠡ ᠶᠢᠨ ᠡᠮᠴᠢᠯᠡᠭᠡᠨ ᠳᠦ ᠬᠢ ᠡᠮ ᠬᠡᠷᠡᠭᠯᠡᠭᠡᠨ ᠦ ᠣᠨᠣᠯ ᠤᠨ ᠠᠰᠠᠭᠤᠳᠠᠯ ᠢ ᠰᠦᠪᠡᠭ᠍ᠴᠢᠯᠡᠬᠦ ᠨᠢ
Creator ᠵᠤᠤ ᠪᠠᠢ ᠰᠦᠢ; ᠪᠤᠶᠠᠨᠲᠤ; ᠯᠢᠨ᠎ᠠ
Keyword ᠮᠣᠩ᠋ᠭᠤᠯ ᠡᠮᠨᠡᠯᠭᠡ; ᠣᠨᠣᠯ ᠡᠮᠴᠢᠯᠡᠭᠡ; ᠡᠮ ᠬᠡᠷᠡᠭᠯᠡᠬᠦ
Abstract ᠮᠣᠩ᠋ᠭᠤᠯ ᠡᠮᠴᠢᠯᠡᠭᠡ ᠶᠢᠨ ᠡᠮᠴᠢᠯᠡᠭᠡᠨ ᠦ ᠪᠤᠳᠠᠲᠤ ᠦᠢᠯᠡᠳᠦᠯᠭᠡ ᠳᠤᠮᠳᠠ ᠣᠯᠠᠨ ᠵᠤᠢ᠌ᠯ ᠤᠨ ᠠᠰᠠᠭᠤᠳᠠᠯ ᠣᠷᠤᠰᠢᠵᠤ ᠪᠠᠢ᠌ᠳᠠᠭ᠃ ᠡᠭᠦᠨ ᠦ ᠳᠤᠲᠤᠷ᠎ᠠ ᠬᠠᠮᠤᠭ ᠤᠨ ᠲᠤᠯᠭᠠᠮ᠎ᠠ ᠮᠦᠷᠲᠡᠭᠡᠨ ᠬᠦᠴᠢᠷ ᠲᠡᠢ ᠠᠰᠠᠭᠤᠳᠠᠯ ᠭᠡᠪᠡᠯ ᠣᠨᠣᠯ ᠡᠮᠴᠢᠯᠡᠭᠡ ᠶᠢ ᠤᠶᠠᠯᠳᠤᠭᠤᠯᠬᠤ ᠶᠠᠪᠤᠳᠠᠯ ᠪᠤᠯᠤᠨ᠎ᠠ᠃ ᠣᠳᠤᠬᠠᠨ ᠳᠤ ᠮᠣᠩ᠋ᠭᠤᠯ ᠡᠮᠨᠡᠯᠭᠡ ᠶᠢᠨ ᠡᠩ᠋ᠨᠡᠭᠡᠨ ᠳᠦ ᠡᠮᠴᠢᠯᠡᠭᠡ ᠶᠢ ᠬᠦᠨᠳᠦᠳᠭᠡᠬᠦ ᠪᠤᠯᠪᠠᠴᠤ ᠣᠨᠣᠯ ᠢ ᠬᠦᠩᠭᠡᠪᠴᠢᠯᠡᠵᠦ᠂ ᠣᠨᠣᠯ ᠡᠮᠴᠢᠯᠡᠭᠡ ᠶᠢ ᠤᠶᠠᠯᠳᠤᠭᠤᠯᠬᠤ ᠶᠢ ᠴᠢᠬᠤᠯᠠᠴᠢᠯᠠᠬᠤ ᠦᠭᠡᠢ ᠪᠠᠢ᠋ᠳᠠᠯ ᠨᠤᠴᠢᠲᠠᠢ ᠣᠷᠤᠰᠢᠵᠤ ᠪᠠᠢ᠌ᠨ᠎ᠠ᠃ ᠡᠢ᠌ᠮᠦᠷᠭᠦᠦ ᠪᠠᠢ᠌ᠳᠠᠯ ᠬᠡᠷᠪᠡ ᠤᠷᠲᠤ ᠬᠤᠭᠤᠴᠠᠭ᠎ᠠ ᠦᠷᠭᠦᠯᠵᠢᠯᠡᠬᠦ ᠳᠦ ᠬᠦᠷᠪᠡᠯ ᠮᠣᠩ᠋ᠭᠤᠯ ᠠᠨᠠᠭᠠᠬᠤ ᠤᠬᠠᠭᠠᠨ ᠤ ᠪᠦᠬᠦ ᠲᠠᠯ᠎ᠠ ᠶᠢᠨ ᠬᠦᠭ᠍ᠵᠢᠯᠲᠡ ᠳᠦ ᠵᠠᠢ᠌ᠯᠠᠰᠢ ᠦᠭᠡᠢ ᠨᠠᠵᠠᠭᠠᠢ ᠨᠦᠯᠦᠭᠡ ᠦᠵᠡᠭᠦᠯᠬᠦ ᠪᠤᠯᠤᠨ᠎ᠠ᠃ ᠲᠤᠰ ᠦᠭᠦᠯᠡᠯ ᠳᠦ ᠮᠣᠩ᠋ᠭᠤᠯ ᠡᠮᠨᠡᠯᠭᠡ ᠶᠢᠨ ᠡᠮᠴᠢᠯᠡᠭᠡ ᠲᠡᠢ ᠬᠠᠮᠤᠭ ᠤᠨ ᠨᠢᠭᠲᠠ ᠬᠤᠯᠪᠤᠭ᠎ᠠ ᠪᠦᠬᠦᠢ ᠡᠪᠡᠳᠴᠢᠨ ᠦ ᠰᠢᠯᠲᠠᠭᠠᠨ᠂ ᠤᠷᠪᠠᠯᠲᠠ ᠶᠢᠨ ᠬᠡᠯᠪᠡᠷᠢ᠂ ᠡᠪᠡᠳᠴᠢᠯᠡᠬᠦ ᠵᠦᠢ᠂ ᠤᠷᠪᠠᠯᠲᠠ ᠶᠢᠨ ᠶᠠᠪᠤᠴᠠ᠂ ᠡᠪᠡᠳᠴᠢᠨ ᠦ ᠬᠦᠴᠦ ᠵᠡᠷᠭᠡ ᠣᠨᠣᠯ ᠤᠨ ᠲᠠᠯ᠎ᠠ ᠶᠢᠨ ᠬᠡᠳᠦᠨ ᠠᠰᠠᠭᠤᠳᠠᠯ ᠢ ᠲᠤᠢ᠌ᠮᠤᠴᠢᠯᠠᠨ ᠲᠠᠨᠢᠯᠴᠠᠭᠤᠯᠬᠤ ᠶᠢᠨ ᠬᠠᠮᠲᠤ ᠠᠬᠠᠮᠠᠳ ᠮᠣᠩ᠋ᠭᠤᠯ ᠡᠮᠴᠢ ᠨᠠᠷ ᠤᠨ ᠡᠮᠴᠢᠯᠡᠭᠡᠨ ᠦ ᠭᠠᠷ ᠠᠪᠤᠯᠭ᠎ᠠ ᠳᠤ ᠬᠢ ᠣᠨᠣᠯ ᠡᠮᠴᠢᠯᠡᠭᠡ ᠤᠶᠠᠯᠳᠤᠭᠰᠠᠨ ᠬᠤᠪᠢᠰᠤᠩ᠋ᠭᠤᠢ ᠡᠮᠴᠢᠯᠡᠭᠡᠨ ᠦ ᠵᠢᠱᠢᠶ᠎ᠡ ᠡᠴᠡ ᠬᠡᠳᠦᠨ ᠵᠢᠱᠢᠶ᠎ᠡ ᠲᠠᠲᠠᠵᠤ᠂ ᠮᠣᠩ᠋ᠭᠤᠯ ᠠᠨᠠᠭᠠᠬᠤ ᠤᠬᠠᠭᠠᠨ ᠤ ᠣᠨᠣᠯ ᠢᠶᠠᠷ ᠰᠦᠪᠡᠭ᠍ᠴᠢᠯᠡᠨ ᠰᠢᠨᠵᠢᠯᠡᠵᠦ ᠵᠠᠳᠠᠯᠤᠨ ᠲᠠᠢ᠌ᠯᠪᠤᠷᠢᠯᠠᠵᠠᠢ᠃
Original Literature View Original Paper
出自 内蒙古民族大学学报(蒙医药学) 2011年 第1期

联系我们


内蒙古大学图书馆
呼和浩特市大学西路235号
中国·内蒙古
P: (0471) 4992561
E: huangfeilong@imu.edu.cn