Paper Information


Title ᠬᠤᠪᠢᠯᠠᠢ ᠰᠡᠴᠡᠨ ᠬᠠᠭᠠᠨ ᠤ ᠪᠤᠳᠠᠲᠤ ᠠᠰᠢᠭ ᠢᠶᠠᠷ ᠢᠷᠭᠡᠳ ᠢ ᠲᠡᠩᠬᠡᠷᠡᠭᠦᠯᠬᠦ ᠪᠤᠳᠤᠯᠭ᠎ᠠ ᠶᠢᠨ ᠲᠤᠬᠠᠢ
Creator ᠡᠦ ᠹᠧᠩ; ᠲᠤᠭᠲᠠᠬᠤ
Keyword ᠬᠤᠪᠢᠯᠠᠢ ᠰᠡᠴᠡᠨ ᠬᠠᠭᠠᠨ; ᠪᠤᠳᠠᠳᠤ ᠠᠰᠢᠭ; ᠢᠷᠭᠡᠳ ᠢ ᠲᠡᠩᠬᠡᠷᠡᠭᠦᠯᠬᠦ ᠪᠤᠳᠤᠯᠭ᠎ᠠ
Abstract ᠪᠤᠳᠠᠲᠤ ᠠᠰᠢᠭ ᠢᠶᠠᠷ ᠢᠷᠭᠡᠳ ᠢ ᠲᠡᠩᠬᠡᠷᠡᠭᠦᠯᠬᠦ ᠪᠤᠳᠤᠯᠭ᠎ᠠ ᠪᠤᠯ ᠬᠤᠪᠢᠯᠠᠢ ᠰᠡᠴᠡᠨ ᠬᠠᠭᠠᠨ ᠤ ᠬᠡᠷᠡᠭᠵᠢᠭᠦᠯᠦᠭᠰᠡᠨ ᠦᠨᠳᠦᠰᠦᠨ ᠪᠤᠳᠤᠯᠭ᠎ᠠ ᠪᠤᠯᠤᠨ᠎ᠠ᠃ ᠲᠡᠷᠡ ᠰᠠᠭᠤᠷᠢᠨ ᠳᠤ ᠭᠠᠷᠬᠤ ᠵᠤᠤ ᠪᠢᠴᠢᠭ᠌ ᠬᠢᠭᠡᠳ ᠣᠨ ᠤ ᠴᠤᠯᠠ ᠪᠠᠨ ᠦᠭᠡᠷᠡᠴᠢᠯᠡᠬᠦ ᠵᠤᠤ ᠪᠢᠴᠢᠭ᠌ ᠲᠡᠭᠡᠨ ᠡᠨᠡ ᠲᠤᠬᠠᠢ ᠲᠤᠳᠤᠷᠬᠠᠢ ᠶᠠᠷᠢᠭᠰᠠᠨ ᠪᠦᠭᠡᠳ ᠨᠠᠰᠤᠨ ᠲᠤᠷᠰᠢ ᠶᠢᠨ ᠦᠢᠯᠡ ᠠᠵᠢᠯᠯᠠᠭ᠎ᠠ ᠳᠠᠭᠠᠨ ᠲᠤᠭᠤᠰᠢᠯᠠᠭᠤᠯᠤᠨ ᠬᠡᠷᠡᠭᠵᠢᠭᠦᠯᠵᠦ ᠪᠠᠢ᠌ᠪᠠ᠃ ᠢᠷᠭᠡᠳ ᠢ ᠲᠡᠩᠬᠡᠷᠡᠭᠦᠯᠬᠦ ᠪᠤᠳᠤᠯᠭ᠎ᠠ ᠳᠤ ᠢᠷᠭᠡᠳ ᠦᠨ ᠪᠤᠳᠠᠰ ᠤᠨ ᠠᠮᠢᠳᠤᠷᠠᠯ ᠤᠨ ᠬᠡᠷᠡᠭᠴᠡᠭᠡ ᠶᠢ ᠬᠠᠩ᠋ᠭᠠᠬᠤ ᠶᠠᠪᠤᠳᠠᠯ ᠨᠢ ᠲᠡᠷᠢᠭᠦᠨ ᠪᠠᠢ᠌ᠷᠢ ᠳᠤ ᠣᠷᠤᠵᠤ ᠪᠠᠢ᠌ᠭᠰᠠᠨ ᠪᠦᠭᠳ ᠲᠡᠳᠡᠨ ᠦ ᠪᠡᠶ᠎ᠡ ᠶᠢᠨ ᠡᠷᠬᠡ ᠴᠢᠯᠦᠭᠡ ᠶᠢ ᠪᠠᠲᠤᠯᠠᠬᠤ ᠪᠠ ᠤᠶᠤᠨ ᠤ ᠴᠢᠳᠠᠪᠤᠷᠢ ᠶᠢ ᠪᠠᠳᠠᠷᠠᠭᠤᠯᠬᠤ᠂ ᠦᠵᠡᠯ ᠰᠡᠳᠬᠢᠭᠦᠢ ᠶᠢᠨ ᠴᠢᠯᠦᠭᠡᠲᠦ ᠪᠠᠢ᠌ᠳᠠᠯ ᠢ ᠵᠦᠪᠰᠢᠶᠡᠷᠡᠬᠦ ᠵᠡᠷᠭᠡ ᠠᠭᠤᠯᠭ᠎ᠠ ᠶᠢ ᠴᠤ ᠪᠠᠭᠲᠠᠭᠠᠵᠤ ᠪᠠᠢ᠌ᠪᠠ᠃ ᠡᠨᠡ ᠬᠦ ᠵᠤᠷᠢᠯᠭ᠎ᠠ ᠳᠠᠭᠠᠨ ᠬᠦᠷᠬᠦ ᠶᠢᠨ ᠲᠦᠯᠦᠭᠡ ᠠᠵᠤ ᠠᠬᠤᠢ ᠶᠢᠨ ᠬᠦᠴᠦᠨ ᠢᠶᠡᠨ ᠰᠠᠢ᠌ᠵᠢᠷᠠᠭᠤᠯᠬᠤ᠂ ᠶᠠᠳᠠᠭᠤ ᠢᠷᠭᠡᠳ ᠢ ᠲᠤᠰᠠᠯᠠᠬᠤ ᠬᠠᠤᠯᠢ ᠴᠠᠭᠠᠵᠠ ᠶᠢ ᠲᠡᠭᠦᠯᠳᠡᠷᠵᠢᠭᠦᠯᠬᠦ᠂ ᠣᠯᠠᠨ ᠵᠤᠢ᠌ᠯ ᠤᠨ ᠦᠵᠡᠯ ᠰᠠᠨᠠᠭᠠᠨ ᠤ ᠤᠷᠤᠰᠬᠠᠯ ᠤᠨ ᠬᠠᠮᠲᠤ ᠣᠷᠤᠰᠢᠬᠤ ᠶᠢ ᠵᠦᠪᠰᠢᠶᠡᠷᠡᠬᠦ ᠮᠡᠲᠦ ᠶᠢᠨ ᠣᠯᠠᠨ ᠠᠷᠪᠢᠨ ᠠᠷᠭ᠎ᠠ ᠬᠡᠮᠵᠢᠶ᠎ᠡ ᠠᠪᠴᠠᠢ᠃ ᠡᠨᠡ ᠬᠦ ᠪᠤᠳᠤᠯᠭ᠎ᠠ ᠳᠤ ᠲᠦᠷᠦ ᠶᠢᠨ ᠡᠷᠬᠡ ᠶᠢ ᠪᠠᠲᠤᠳᠬᠠᠬᠤ ᠵᠤᠷᠢᠯᠭ᠎ᠠ ᠪᠠᠭᠲᠠᠵᠤ ᠪᠠᠢ᠌ᠭᠰᠠᠨ ᠤ ᠤᠯᠠᠮ ᠠᠴᠠ ᠮᠣᠩ᠋ᠭᠤᠯ ᠦᠨᠳᠦᠰᠦᠲᠡᠨ ᠦ ᠤᠯᠠᠮᠵᠢᠯᠠᠯᠲᠤ ᠰᠤᠶᠤᠯ ᠤᠨ ᠨᠦᠯᠦᠭᠡ᠂ ᠮᠣᠩ᠋ᠭᠤᠯ ᠦᠨᠳᠦᠰᠦᠲᠡᠨ ᠦ ᠬᠠᠮᠤᠭ ᠠᠮᠢᠲᠠᠨ ᠵᠢᠷᠭᠤᠭᠠᠨ ᠵᠦᠢᠯᠡᠰ ᠲᠦ ᠨᠢᠭᠦᠯᠡᠰᠭᠦᠢ ᠰᠡᠳᠬᠢᠯ ᠢᠶᠡᠷ ᠬᠠᠨᠳᠤᠬᠤ ᠵᠠᠩᠰᠢᠯ ᠤᠨ ᠬᠦᠴᠦᠨ ᠨᠢ ᠮᠦᠨ ᠴᠦ ᠨᠢᠭᠤᠴᠠ ᠵᠤᠷ ᠪᠤᠯᠵᠤ ᠨᠡᠮᠡᠭᠦᠷᠢ ᠬᠠᠨᠳᠢᠪ ᠢᠶᠠᠨ ᠣᠷᠤᠭᠤᠯᠵᠤ ᠪᠠᠢ᠌ᠭᠰᠠᠨ ᠨᠢ ᠦᠨᠡᠨᠲᠡᠢ᠃
Original Literature No Original Paper
出自 蒙古学研究 2003年 第4期

联系我们


内蒙古大学图书馆
呼和浩特市大学西路235号
中国·内蒙古
P: (0471) 4992561
E: huangfeilong@imu.edu.cn