Paper Information


Title ᠬᠠᠰᠢᠶᠠᠯᠠᠨ ᠮᠠᠯᠵᠢᠬᠤ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠬᠢᠭᠡᠳ ᠣᠷᠤᠰᠢᠵᠤ ᠪᠠᠢᠭ᠎ᠠ ᠠᠰᠠᠭᠤᠳᠠᠯ ᠤᠨ ᠲᠤᠬᠠᠢ — ᠲᠦᠩᠯᠢᠶᠤᠤ ᠬᠤᠲᠠ ᠶᠢᠨ ᠵᠠᠷᠤᠳ ᠬᠤᠰᠢᠭᠤᠨ ᠤ ᠪᠤᠳᠠᠲᠤ ᠪᠠᠢᠳᠠᠯ ᠢᠶᠠᠷ ᠵᠢᠱᠢᠶᠡᠯᠡᠬᠦ ᠨᠢ
Creator ᠮᠦᠩᠭᠦᠨᠲᠤᠶᠠᠭ᠎ᠠ
Keyword ᠬᠠᠭᠠᠰ ᠲᠠᠷᠢᠶᠠᠯᠠᠬᠤ ᠬᠠᠭᠠᠰ ᠮᠠᠯᠵᠢᠬᠤ; ᠬᠠᠰᠢᠶᠠᠯᠠᠨ ᠮᠠᠯᠵᠢᠬᠤ ᠲᠦᠷᠦ ᠶᠢᠨ ᠪᠤᠳᠤᠯᠭ᠎ᠠ; ᠠᠮᠢ ᠠᠬᠤᠢ
Abstract ᠲᠠᠯ᠎ᠠ ᠨᠤᠲᠤᠭ ᠤᠨ ᠡᠬᠢ ᠪᠠᠶᠠᠯᠢᠭ ᠪᠤᠯ ᠮᠠᠨ ᠤ ᠤᠯᠤᠰ ᠤᠨ ᠡᠬᠡ ᠬᠠᠭᠤᠷᠠᠢ ᠳᠡᠭᠡᠷᠡᠬᠢ ᠲᠠᠯᠠᠪᠠᠢ ᠪᠠᠷ ᠬᠠᠮᠤᠭ ᠤᠨ ᠶᠡᠬᠡ ᠠᠮᠢ ᠠᠬᠤᠢ ᠶᠢᠨ ᠰᠢᠰᠲ᠋ᠧᠮ ᠪᠠᠢᠵᠤ᠂ ᠮᠠᠯᠵᠢᠬᠤ ᠦᠢᠯᠡᠰ ᠢ ᠬᠦᠭᠵᠢᠭᠦᠯᠬᠦ᠂ ᠠᠮᠢ ᠠᠬᠤᠢ ᠶᠢᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠤᠰᠤ ᠬᠦᠷᠦᠰᠦ ᠶᠢ ᠬᠠᠮᠠᠭᠠᠯᠠᠬᠤ ᠪᠠ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠳᠤ ᠨᠡᠯᠢᠶᠡᠳ ᠶᠡᠬᠡ ᠦᠢᠯᠡᠳᠦᠯ ᠪᠡ ᠦᠷᠲᠡᠭ ᠲᠡᠢ ᠪᠠᠢᠳᠠᠭ᠃ ᠭᠡᠪᠡᠴᠦ ᠤᠷᠲᠤ ᠬᠤᠭᠤᠴᠠᠭᠠᠨ ᠤ ᠲᠤᠷᠰᠢ᠂ ᠬᠦᠮᠦᠨ ᠠᠮᠠ ᠶᠢᠨ ᠬᠡᠳᠦ ᠦᠰᠦᠯᠲᠡ᠂ ᠵᠢᠯ ᠳᠠᠷᠠᠭᠠᠯᠠᠭᠰᠠᠨ ᠭᠠᠩ ᠭᠠᠮᠰᠢᠭ᠂ ᠪᠡᠯᠴᠢᠭᠡᠷ ᠦᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠭᠰᠠᠨ ᠪᠠ ᠶᠡᠬᠡ ᠬᠡᠮᠵᠢᠶ᠎ᠡ ᠪᠡᠷ ᠠᠲᠠᠷ ᠬᠠᠭᠠᠯᠪᠤᠷᠢᠯᠠᠬᠤ᠂ ᠠᠭᠤᠷᠬᠠᠢ ᠮᠠᠯᠲᠠᠬᠤ᠂ ᠬᠡᠭᠡᠷ᠎ᠡ ᠶᠢᠨ ᠠᠮᠢᠲᠠᠨ ᠢ ᠤᠰᠠᠳᠬᠠᠭᠰᠠᠨ ᠠᠴᠠ ᠪᠤᠯᠵᠤ ᠠᠮᠢ ᠠᠬᠤᠢ ᠡᠪᠳᠡᠭᠳᠡᠨ ᠲᠠᠴᠢᠷᠳᠠᠵᠤ᠂ ᠮᠠᠯᠴᠢᠳ ᠤᠨ ᠠᠮᠢᠳᠤᠷᠠᠯ ᠳᠤ ᠰᠦᠷᠳᠡᠭᠦᠯᠦᠯ ᠤᠴᠠᠷᠠᠭᠤᠯᠤᠭᠰᠠᠨ ᠪᠠᠢᠨ᠎ᠠ᠃ ᠲᠤᠰ ᠦᠭᠦᠯᠡᠯ ᠳᠦ ᠲᠦᠩᠯᠢᠶᠤᠤ ᠬᠤᠲᠠ ᠶᠢᠨ ᠵᠠᠷᠤᠳ ᠬᠤᠰᠢᠭᠤᠨ ᠤ 《ᠪᠡᠯᠴᠢᠭᠡᠷᠯᠡᠭᠦᠯᠬᠦ ᠶᠢ ᠵᠤᠭᠰᠤᠭᠠᠵᠤ᠂ ᠣᠢ ᠶᠢ ᠰᠡᠷᠭᠦᠬᠦ》 ᠢᠨᠵᠧᠨᠧᠷᠢᠩ ᠤᠨ 《ᠬᠠᠰᠢᠶᠠᠯᠠᠵᠤ ᠮᠠᠯᠵᠢᠬᠤ》 ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠪᠡᠷ ᠰᠤᠳᠤᠯᠭᠠᠨ ᠤ ᠡᠲᠡᠭᠡᠳ ᠪᠤᠯᠭᠠᠨ᠂ ᠪᠤᠳᠠᠲᠠᠢ ᠵᠠᠳᠠᠯᠤᠯᠲᠠ ᠬᠢᠵᠦ᠂ ᠬᠠᠰᠢᠶᠠᠯᠠᠨ ᠮᠠᠯᠵᠢᠬᠤ ᠲᠦᠷᠦ ᠶᠢᠨ ᠪᠤᠳᠤᠯᠭ᠎ᠠ ᠶᠢ ᠲᠦᠩᠯᠢᠶᠤᠤ ᠬᠤᠲᠠ ᠶᠢᠨ ᠵᠠᠷᠤᠳ ᠬᠤᠰᠢᠭᠤᠨ ᠳᠤ ᠬᠡᠷᠡᠭᠵᠢᠭᠦᠯᠦᠭᠰᠡᠨ ᠦ ᠰᠢᠯᠲᠠᠭᠠᠨ᠂ ᠬᠡᠷᠡᠭᠵᠢᠭᠦᠯᠦᠯᠲᠡ ᠶᠢᠨ ᠳᠤᠮᠳᠠ ᠣᠷᠤᠰᠢᠵᠤ ᠪᠦᠬᠦᠢ ᠠᠰᠠᠭᠤᠳᠠᠯ ᠪᠠ ᠬᠠᠰᠢᠶᠠᠯᠠᠨ ᠮᠠᠯᠵᠢᠬᠤ ᠲᠦᠷᠦ ᠶᠢᠨ ᠪᠤᠳᠤᠯᠭ᠎ᠠ ᠶᠢ ᠬᠡᠷᠬᠢᠨ ᠲᠤᠤᠱᠲᠠᠢ ᠬᠡᠷᠡᠭᠵᠢᠭᠦᠯᠬᠦ ᠲᠤᠬᠠᠢ ᠦᠪᠡᠷ ᠦᠨ ᠦᠵᠡᠯ ᠰᠠᠨᠠᠭᠤᠯᠭ᠎ᠠ ᠪᠠᠨ ᠳᠤᠷᠠᠳᠤᠭᠰᠠᠨ ᠪᠠᠢᠨ᠎ᠠ᠃
Original Literature No Original Paper
出自 内蒙古师范大学学报(自然科学蒙古文版) 2012年 第3期

联系我们


内蒙古大学图书馆
呼和浩特市大学西路235号
中国·内蒙古
P: (0471) 4992561
E: huangfeilong@imu.edu.cn