Paper Information


Title ᠡᠸᠠᠩᠬᠢ ᠦᠨᠳᠦᠰᠦᠳᠡᠨ ᠤ ᠠᠮᠠᠨ ᠦᠯᠢᠭᠡᠷ ᠤᠨ ᠰᠤᠳᠤᠯᠭᠠᠨ ᠤ ᠪᠠᠢ᠌ᠳᠠᠯ
Creator ᠰᠡᠴᠡᠨᠭᠡᠷᠡᠯ
Keyword ᠡᠸᠡᠩᠬᠢ ᠦᠨᠳᠦᠰᠦᠳᠡᠨ; ᠠᠮᠠᠨ ᠦᠯᠢᠭᠡᠷ; ᠰᠤᠳᠤᠯᠭᠠᠨ
Abstract ᠦᠭᠦᠯᠡᠯ ᠳᠤ ᠡᠸᠡᠩᠬᠢ ᠦᠨᠳᠦᠰᠦᠳᠡᠨ ᠤ ᠠᠷᠠᠳ ᠤᠨ ᠠᠮᠠᠨ ᠦᠯᠢᠭᠡᠷ ᠤᠨ ᠨᠤᠮ ᠲᠡᠭᠦᠪᠦᠷᠢ ᠬᠡᠪᠯᠡᠭᠳᠡᠭᠰᠡᠨ ᠪᠠᠢ᠌ᠳᠯᠠ᠂ ᠡᠸᠡᠩᠬᠢ ᠠᠷᠠᠳ ᠤᠨ ᠠᠮᠠᠨ ᠦᠯᠢᠭᠡᠷ ᠤᠨ ᠰᠤᠳᠤᠯᠭᠠᠨ ᠤ ᠦᠷ᠎ᠡ ᠪᠦᠳᠦᠭᠡᠯ ᠵᠢᠴᠢ ᠬᠤᠢ᠌ᠰᠢᠳᠠ ᠶᠢᠨ ᠬᠠᠨᠳᠤᠰᠢ᠂ ᠡᠭᠦᠷᠭᠡ ᠵᠡᠷᠭᠡ ᠲᠠᠯ᠎ᠠ ᠪᠡᠷ ᠶᠡᠷᠦᠩᠬᠡᠢ᠌ᠯᠡᠨ ᠦᠭᠦᠯᠡᠭᠰᠡᠨ ᠪᠠᠢ᠌ᠨ᠎ᠠ᠃ ᠡᠳᠦᠭᠡ ᠡᠸᠡᠩᠬᠢ ᠠᠷᠠᠳ ᠤᠨ ᠠᠮᠠᠨ ᠦᠯᠢᠭᠡᠷ ᠤᠨ ᠲᠡᠭᠦᠪᠦᠷᠢ ᠠᠷᠪᠠᠨ ᠭᠤᠷᠪᠠᠨ ᠲᠡᠪᠳᠡᠷ ᠬᠡᠪᠯᠡᠭᠳᠡᠵᠦ᠂ 650 ᠭᠠᠷᠤᠢ ᠦᠯᠢᠭᠡᠷ ᠢ ᠬᠢᠳᠠᠳ ᠮᠤᠩᠭ᠋ᠤᠯ ᠦᠰᠦᠭ ᠪᠢᠴᠢᠭ᠌ ᠲᠡᠭᠡᠷ᠎ᠡ ᠲᠡᠮᠳᠡᠭᠯᠡᠵᠦ ᠬᠠᠳᠠᠭᠠᠯᠠᠭᠰᠠᠨ ᠪᠠᠢ᠌ᠨ᠎ᠠ᠃ ᠠᠷᠠᠳ ᠤᠨ ᠠᠮᠠᠨ ᠵᠤᠬᠢᠶᠠᠯ ᠤᠨ ᠶᠡᠷᠦᠩᠬᠡᠢ᠌ᠯᠡᠭᠰᠡᠨ ᠰᠤᠳᠤᠯᠭ᠎ᠠ ᠬᠢᠭᠡᠳ ᠰᠢᠳᠢᠳᠦ ᠦᠯᠢᠭᠡᠷ᠂ ᠲᠤᠮᠤᠭ ᠶᠠᠷᠢᠶ᠎ᠠ᠂ ᠵᠦᠢᠷ ᠦᠭᠡ᠂ ᠪᠦᠭᠡ ᠰᠢᠳᠦᠯᠭᠡ᠂ ᠲᠤᠲ᠋ᠣᠮ ᠰᠢᠳᠦᠯᠭᠡ ᠵᠢᠴᠢ ᠠᠩᠨᠠᠯ ᠰᠤᠶᠤᠯ ᠭᠡᠬᠦ ᠵᠡᠷᠭᠡ ᠠᠭᠤᠯᠭ᠎ᠠ ᠶᠢᠨ ᠬᠦᠷᠢᠶ᠎ᠡ ᠬᠡᠪᠴᠢᠶᠡᠨ ᠳᠤ ᠭᠤᠴᠢ ᠰᠢᠬᠠᠮ ᠨᠤᠮ ᠦᠭᠦᠯᠡᠯ ᠢᠯᠡ ᠪᠡᠷ ᠨᠡᠢ᠌ᠳᠡᠯᠡᠭᠳᠡᠭᠰᠡᠨ ᠪᠠᠢ᠌ᠨ᠎ᠠ᠃ ᠰᠤᠳᠤᠯᠭᠠᠴᠢᠳ ᠨᠢᠢᠳᠭᠡᠨ ᠰᠤᠳᠤᠯᠬᠤ᠂ ᠬᠠᠷᠢᠴᠠᠭᠤᠯᠤᠨ ᠰᠤᠳᠤᠯᠬᠤ ᠠᠷᠭ᠎ᠠ ᠪᠠᠷᠢᠯ ᠢ ᠬᠡᠷᠡᠭᠯᠡᠨ ᠡᠸᠡᠩᠬᠢ ᠦᠨᠳᠦᠰᠦᠳᠡᠨ ᠤ ᠠᠮᠠᠨ ᠦᠯᠢᠭᠡᠷ ᠢ ᠲᠤᠮᠳᠠᠳᠤ ᠤᠯᠤᠰ ᠤᠨ ᠵᠡᠭᠦᠨ ᠬᠤᠢ᠌ᠳᠤ ᠤᠷᠤᠨ ᠤ ᠮᠠᠨᠵᠤ - ᠲᠦᠩᠭᠦᠰ ᠬᠡᠯᠡᠨ ᠤ ᠮᠠᠨᠵᠤ᠂ ᠾᠸᠵᠸ ᠵᠡᠷᠭᠡ ᠦᠨᠳᠦᠰᠦᠳᠡᠨ ᠤ ᠠᠮᠠᠨ ᠦᠯᠢᠭᠡᠷ ᠲᠠᠢ ᠬᠠᠷᠢᠴᠠᠭᠤᠯᠤᠨ ᠰᠤᠳᠤᠯᠵᠤ ᠬᠤᠢ᠌ᠰᠢᠳᠠ ᠶᠢᠨ ᠰᠤᠳᠤᠯᠭᠠᠨ ᠳᠤ ᠰᠠᠭᠤᠷᠢ ᠲᠠᠯᠪᠢᠵᠤ ᠦᠭᠴᠡᠢ᠃ ᠭᠡᠪᠡᠴᠦ᠂ ᠰᠠᠭᠤᠷᠢ ᠰᠤᠳᠤᠯᠭᠠᠨ ᠤ ᠦᠷ᠎ᠡ ᠪᠦᠳᠦᠭᠡᠯ ᠢ ᠤᠯᠠᠮ ᠴᠠᠭᠠᠰᠢᠳᠠ ᠭᠦᠨᠵᠡᠭᠡᠢ᠌ᠷᠡᠭᠦᠯᠵᠦ᠂ ᠪᠤᠰᠤᠳ ᠤᠨ ᠦᠵᠡᠯᠳᠡ ᠶᠢ ᠶᠡᠷᠦᠮᠳᠡᠭ ᠶᠢᠡᠷ ᠲᠠᠪᠳᠠᠬᠤ ᠪᠠᠢ᠌ᠳᠠᠯ ᠢ ᠦᠭᠡᠷᠡᠴᠢᠯᠡᠨ᠂ ᠪᠦᠳᠦᠭᠡᠯᠴᠢ ᠪᠠᠶᠠᠯᠢᠭ ᠰᠢᠨ᠎ᠡ ᠲᠦᠪᠰᠢᠨ ᠳᠤ ᠠᠬᠢᠭᠤᠯᠬᠤ ᠪᠡᠷ ᠴᠢᠷᠮᠠᠢ᠌ᠬᠤ ᠴᠢᠬᠤᠯᠠ ᠲᠠᠢ ᠭᠡᠵᠦ ᠦᠵᠡᠵᠦ ᠪᠠᠢ᠌ᠨ᠎ᠠ᠃
Original Literature No Original Paper
出自 赤峰学院学报(蒙文哲学社会科学版) 2017年 第1期

联系我们


内蒙古大学图书馆
呼和浩特市大学西路235号
中国·内蒙古
P: (0471) 4992561
E: huangfeilong@imu.edu.cn