Title |
ᠮᠠᠨ ᠤ ᠤᠯᠤᠰ ᠤᠨ ᠲᠡᠦᠬᠡᠨ ᠳᠡᠭᠡᠷ᠎ᠡ ᠬᠡᠳᠦ ᠤᠳᠠᠭᠠᠨ ᠤ ᠤᠷᠴᠢᠭᠤᠯᠭ᠎ᠠ ᠶᠢᠨ ᠤᠷᠭᠢᠯ ᠦᠶ᠎ᠡ ᠪᠤᠯᠤᠭᠰᠠᠨ ᠲᠤᠬᠠᠢ ᠠᠰᠠᠭᠤᠳᠠᠯ ᠳᠤ |
Creator |
ᠶᠠᠩ ᠼᠠᠢ ᠮᠢᠩ |
Keyword |
ᠮᠠᠨ ᠤ ᠤᠯᠤᠰ; ᠤᠷᠴᠢᠭᠤᠯᠭ᠎ᠠ; ᠣᠷᠭᠢᠯ ᠦᠶ᠎ᠡ |
Abstract |
ᠮᠠᠨ ᠤ ᠤᠯᠤᠰ ᠤᠨ ᠲᠡᠦᠬᠡᠨ ᠳᠡᠭᠡᠷ᠎ᠡ ᠡᠮᠦᠨ᠎ᠡ ᠬᠤᠶᠢᠨ᠎ᠠ ᠬᠡᠳᠦ ᠤᠳᠠᠭᠠᠨ ᠤ ᠤᠷᠴᠢᠭᠤᠯᠭ᠎ᠠ ᠶᠢᠨ ᠣᠷᠭᠢᠯ ᠦᠶ᠎ᠡ ᠪᠤᠢ ᠪᠤᠯᠤᠭᠰᠠᠨ ᠠᠰᠠᠭᠤᠳᠠᠯ ᠨᠢ ᠶᠡᠬᠡ ᠳᠡᠭᠡᠳᠦ ᠰᠤᠷᠭᠠᠭᠤᠯᠢ ᠶᠢᠨ ᠳᠤᠮᠳᠠᠳᠤ ᠤᠯᠤᠰ ᠤᠨ ᠤᠷᠴᠢᠭᠤᠯᠭ᠎ᠠ ᠶᠢᠨ ᠲᠡᠦᠬᠡ ᠶᠢᠨ ᠬᠢᠴᠢᠶᠡᠯ ᠦᠨ ᠵᠢᠭᠠᠨ ᠰᠤᠷᠭᠠᠯᠲᠠ ᠶᠢᠨ ᠶᠠᠪᠤᠴᠠ ᠳᠤ ᠲᠤᠯᠭᠠᠷᠠᠵᠤ ᠪᠦᠬᠦᠢ ᠨᠢᠭᠡᠨ ᠴᠢᠬᠤᠯᠠ ᠠᠰᠠᠭᠤᠳᠠᠯ ᠪᠤᠯᠵᠤ ᠪᠠᠶᠢᠬᠤ ᠶᠤᠮ᠃ ᠤᠳᠤᠬᠠᠨ ᠳᠤ ᠡᠷᠳᠡᠮ ᠰᠢᠨᠵᠢᠯᠡᠭᠡᠨ ᠦ ᠬᠢᠨ ᠦ ᠪᠤᠷᠬᠠᠨ ᠤ ᠰᠤᠳᠤᠷ ᠤᠨ ᠤᠷᠴᠢᠭᠤᠯᠭ᠎ᠠ᠂ ᠰᠢᠨᠵᠢᠯᠡᠬᠦ ᠤᠬᠠᠭᠠᠨ ᠤ ᠨᠤᠮ ᠵᠤᠬᠢᠶᠠᠯ ᠤᠨ ᠤᠷᠴᠢᠭᠤᠯᠭ᠎ᠠ ᠪᠤᠯᠤᠨ ᠦᠷᠦᠨᠡᠳᠠᠬᠢᠨ ᠤ ᠰᠤᠳᠤᠯᠤᠯ ᠤᠨ ᠤᠷᠴᠢᠭᠤᠯᠭ᠎ᠠ ᠵᠡᠷᠭᠡ ᠭᠤᠷᠪᠠ ᠤᠳᠠᠭᠠᠨ ᠤ ᠤᠷᠴᠢᠭᠤᠯᠭ᠎ᠠ ᠶᠢᠨ ᠣᠷᠭᠢᠯ ᠦᠶ᠎ᠡ ᠶᠢᠨ ᠬᠤᠪᠢ ᠳᠤ ᠨᠢᠭᠡᠲᠦᠭᠰᠡᠨ ᠰᠠᠨᠠᠯ ᠲᠠᠢ ᠪᠤᠯᠤᠭᠰᠠᠨ ᠪᠤᠯᠪᠠᠴᠤ 《ᠲᠠᠪᠤᠨ ᠰᠠᠷ᠎ᠠ ᠶᠢᠨ ᠳᠦᠷᠪᠡᠨ ᠦ ᠳᠠᠷᠠᠭ᠎ᠠ ᠪᠤᠯᠤᠭᠰᠠᠨ ᠤᠷᠴᠢᠭᠤᠯᠭ᠎ᠠ ᠶᠢᠨ ᠣᠷᠭᠢᠯ ᠦᠶ᠎ᠡ ᠪᠤᠯᠤᠨ ᠤᠳᠤᠬᠠᠨ ᠳᠤ ᠶᠠᠪᠤᠭᠳᠠᠵᠤ ᠪᠠᠶᠢᠭ᠎ᠠ ᠤᠷᠣᠢᠭᠤᠯᠭᠠ ᠶᠢᠨ ᠣᠷᠭᠢᠯ ᠦᠶ᠎ᠡ ᠨᠢ ᠴᠤᠬᠤᠮ ᠬᠡᠳᠦᠳᠦᠭᠡᠷ ᠤᠳᠠᠭᠠᠨ ᠤ ᠣᠷᠭᠢᠯ ᠦᠶ᠎ᠡ ᠪᠤᠯᠬᠤ ᠲᠤᠬᠠᠢ ᠡᠷᠳᠡᠮᠲᠡᠨ ᠰᠤᠳᠤᠯᠭᠠᠴᠢᠳ ᠠᠴᠠ ᠨᠢᠭᠡᠲᠦᠭᠰᠡᠨ ᠲᠠᠨᠢᠯᠲᠠ ᠲᠠᠢ ᠪᠤᠯᠵᠤ ᠴᠢᠳᠠᠭ᠎ᠠ ᠦᠭᠡᠢ ᠶᠤᠮ᠃ ᠲᠤᠰ ᠵᠤᠬᠢᠶᠠᠯ ᠳᠤ ᠳᠤᠮᠳᠠᠳᠤ ᠤᠯᠤᠰ ᠤᠨ ᠤᠷᠴᠢᠭᠤᠯᠭ ᠠ ᠶᠢᠨ ᠲᠡᠦᠬᠡ ᠶᠢᠨ ᠪᠤᠳᠠᠲᠤ ᠪᠠᠶᠢᠳᠠᠯ ᠢ ᠵᠠᠳᠠᠯᠤᠨ ᠰᠢᠨᠵᠢᠯᠡᠭᠰᠡᠨ ᠰᠠᠭᠤᠷᠢᠨ ᠳᠡᠭᠡᠷ᠎ᠡ᠂ ᠳᠦᠷᠪᠡᠳᠦᠭᠡᠷ ᠤᠳᠠᠭᠠᠨ ᠤ ᠤᠷᠴᠢᠭᠤᠯᠭ᠎ᠠ ᠶᠢᠨ ᠣᠷᠭᠢᠯ ᠦᠶ᠎ᠡ ᠨᠢᠭᠡᠨᠲᠡ ᠳᠠᠭᠤᠰᠴᠤ᠂ ᠲᠠᠪᠤᠳᠤᠭᠠᠷ ᠤᠳᠠᠭᠠᠨ ᠤ ᠤᠷᠴᠢᠭᠤᠯᠭ᠎ᠠ ᠶᠢᠨ ᠣᠷᠭᠢᠯ ᠦᠶ᠎ᠡ ᠶᠠᠭ ᠶᠠᠪᠤᠭᠳᠠᠵᠤ ᠪᠠᠶᠢᠨ᠎ᠠ ᠭᠡᠵᠦ ᠦᠵᠡᠭᠡᠳ ᠳᠡᠭᠡᠷᠡᠬᠢ ᠬᠤᠶᠠᠷ ᠤᠳᠠᠭᠠᠨ ᠤ ᠤᠷᠴᠢᠭᠤᠯᠭ᠎ᠠ ᠶᠢᠨ ᠣᠷᠭᠢᠯ ᠦᠶ᠎ᠡ ᠶᠢᠨ ᠲᠡᠦᠬᠡᠨ ᠬᠤᠭᠤᠴᠠᠭᠠᠨ ᠤ ᠵᠠᠭᠠᠭ ᠱᠤᠭᠤᠮ ᠬᠢᠭᠡᠳ ᠲᠡᠭᠦᠨ ᠦ ᠦᠨᠳᠦᠰᠦᠨ ᠤᠨᠴᠠᠯᠢᠭ ᠤᠨ ᠲᠤᠬᠠᠢ ᠦᠪᠡᠷ ᠦᠨ ᠦᠵᠡᠯᠲᠡ ᠪᠡᠨ ᠳᠤᠷᠠᠳᠤᠨ ᠭᠠᠷᠭᠠᠵᠠᠢ᠃ |
Original Literature |
View Original Paper
|
出自 |
西北民族大学学报
2006年
第1期
|