Paper Information


Title ᠮᠠᠨ ᠤ ᠤᠯᠤᠰ ᠤᠨ ᠲᠡᠦᠬᠡᠨ ᠳᠡᠭᠡᠷ᠎ᠡ ᠬᠡᠳᠦ ᠤᠳᠠᠭᠠᠨ ᠤ ᠤᠷᠴᠢᠭᠤᠯᠭ᠎ᠠ ᠶᠢᠨ ᠤᠷᠭᠢᠯ ᠦᠶ᠎ᠡ ᠪᠤᠯᠤᠭᠰᠠᠨ ᠲᠤᠬᠠᠢ ᠠᠰᠠᠭᠤᠳᠠᠯ ᠳᠤ
Creator ᠶᠠᠩ ᠼᠠᠢ ᠮᠢᠩ
Keyword ᠮᠠᠨ ᠤ ᠤᠯᠤᠰ; ᠤᠷᠴᠢᠭᠤᠯᠭ᠎ᠠ; ᠣᠷᠭᠢᠯ ᠦᠶ᠎ᠡ
Abstract ᠮᠠᠨ ᠤ ᠤᠯᠤᠰ ᠤᠨ ᠲᠡᠦᠬᠡᠨ ᠳᠡᠭᠡᠷ᠎ᠡ ᠡᠮᠦᠨ᠎ᠡ ᠬᠤᠶᠢᠨ᠎ᠠ ᠬᠡᠳᠦ ᠤᠳᠠᠭᠠᠨ ᠤ ᠤᠷᠴᠢᠭᠤᠯᠭ᠎ᠠ ᠶᠢᠨ ᠣᠷᠭᠢᠯ ᠦᠶ᠎ᠡ ᠪᠤᠢ ᠪᠤᠯᠤᠭᠰᠠᠨ ᠠᠰᠠᠭᠤᠳᠠᠯ ᠨᠢ ᠶᠡᠬᠡ ᠳᠡᠭᠡᠳᠦ ᠰᠤᠷᠭᠠᠭᠤᠯᠢ ᠶᠢᠨ ᠳᠤᠮᠳᠠᠳᠤ ᠤᠯᠤᠰ ᠤᠨ ᠤᠷᠴᠢᠭᠤᠯᠭ᠎ᠠ ᠶᠢᠨ ᠲᠡᠦᠬᠡ ᠶᠢᠨ ᠬᠢᠴᠢᠶᠡᠯ ᠦᠨ ᠵᠢᠭᠠᠨ ᠰᠤᠷᠭᠠᠯᠲᠠ ᠶᠢᠨ ᠶᠠᠪᠤᠴᠠ ᠳᠤ ᠲᠤᠯᠭᠠᠷᠠᠵᠤ ᠪᠦᠬᠦᠢ ᠨᠢᠭᠡᠨ ᠴᠢᠬᠤᠯᠠ ᠠᠰᠠᠭᠤᠳᠠᠯ ᠪᠤᠯᠵᠤ ᠪᠠᠶᠢᠬᠤ ᠶᠤᠮ᠃ ᠤᠳᠤᠬᠠᠨ ᠳᠤ ᠡᠷᠳᠡᠮ ᠰᠢᠨᠵᠢᠯᠡᠭᠡᠨ ᠦ ᠬᠢᠨ ᠦ ᠪᠤᠷᠬᠠᠨ ᠤ ᠰᠤᠳᠤᠷ ᠤᠨ ᠤᠷᠴᠢᠭᠤᠯᠭ᠎ᠠ᠂ ᠰᠢᠨᠵᠢᠯᠡᠬᠦ ᠤᠬᠠᠭᠠᠨ ᠤ ᠨᠤᠮ ᠵᠤᠬᠢᠶᠠᠯ ᠤᠨ ᠤᠷᠴᠢᠭᠤᠯᠭ᠎ᠠ ᠪᠤᠯᠤᠨ ᠦᠷᠦᠨᠡᠳᠠᠬᠢᠨ ᠤ ᠰᠤᠳᠤᠯᠤᠯ ᠤᠨ ᠤᠷᠴᠢᠭᠤᠯᠭ᠎ᠠ ᠵᠡᠷᠭᠡ ᠭᠤᠷᠪᠠ ᠤᠳᠠᠭᠠᠨ ᠤ ᠤᠷᠴᠢᠭᠤᠯᠭ᠎ᠠ ᠶᠢᠨ ᠣᠷᠭᠢᠯ ᠦᠶ᠎ᠡ ᠶᠢᠨ ᠬᠤᠪᠢ ᠳᠤ ᠨᠢᠭᠡᠲᠦᠭᠰᠡᠨ ᠰᠠᠨᠠᠯ ᠲᠠᠢ ᠪᠤᠯᠤᠭᠰᠠᠨ ᠪᠤᠯᠪᠠᠴᠤ 《ᠲᠠᠪᠤᠨ ᠰᠠᠷ᠎ᠠ ᠶᠢᠨ ᠳᠦᠷᠪᠡᠨ ᠦ ᠳᠠᠷᠠᠭ᠎ᠠ ᠪᠤᠯᠤᠭᠰᠠᠨ ᠤᠷᠴᠢᠭᠤᠯᠭ᠎ᠠ ᠶᠢᠨ ᠣᠷᠭᠢᠯ ᠦᠶ᠎ᠡ ᠪᠤᠯᠤᠨ ᠤᠳᠤᠬᠠᠨ ᠳᠤ ᠶᠠᠪᠤᠭᠳᠠᠵᠤ ᠪᠠᠶᠢᠭ᠎ᠠ ᠤᠷᠣᠢᠭᠤᠯᠭ᠎ᠠ ᠶᠢᠨ ᠣᠷᠭᠢᠯ ᠦᠶ᠎ᠡ ᠨᠢ ᠴᠤᠬᠤᠮ ᠬᠡᠳᠦᠳᠦᠭᠡᠷ ᠤᠳᠠᠭᠠᠨ ᠤ ᠣᠷᠭᠢᠯ ᠦᠶ᠎ᠡ ᠪᠤᠯᠬᠤ ᠲᠤᠬᠠᠢ ᠡᠷᠳᠡᠮᠲᠡᠨ ᠰᠤᠳᠤᠯᠭᠠᠴᠢᠳ ᠠᠴᠠ ᠨᠢᠭᠡᠲᠦᠭᠰᠡᠨ ᠲᠠᠨᠢᠯᠲᠠ ᠲᠠᠢ ᠪᠤᠯᠵᠤ ᠴᠢᠳᠠᠭ᠎ᠠ ᠦᠭᠡᠢ ᠶᠤᠮ᠃ ᠲᠤᠰ ᠵᠤᠬᠢᠶᠠᠯ ᠳᠤ ᠳᠤᠮᠳᠠᠳᠤ ᠤᠯᠤᠰ ᠤᠨ ᠤᠷᠴᠢᠭᠤᠯᠭ ᠠ ᠶᠢᠨ ᠲᠡᠦᠬᠡ ᠶᠢᠨ ᠪᠤᠳᠠᠲᠤ ᠪᠠᠶᠢᠳᠠᠯ ᠢ ᠵᠠᠳᠠᠯᠤᠨ ᠰᠢᠨᠵᠢᠯᠡᠭᠰᠡᠨ ᠰᠠᠭᠤᠷᠢᠨ ᠳᠡᠭᠡᠷ᠎ᠡ᠂ ᠳᠦᠷᠪᠡᠳᠦᠭᠡᠷ ᠤᠳᠠᠭᠠᠨ ᠤ ᠤᠷᠴᠢᠭᠤᠯᠭ᠎ᠠ ᠶᠢᠨ ᠣᠷᠭᠢᠯ ᠦᠶ᠎ᠡ ᠨᠢᠭᠡᠨᠲᠡ ᠳᠠᠭᠤᠰᠴᠤ᠂ ᠲᠠᠪᠤᠳᠤᠭᠠᠷ ᠤᠳᠠᠭᠠᠨ ᠤ ᠤᠷᠴᠢᠭᠤᠯᠭ᠎ᠠ ᠶᠢᠨ ᠣᠷᠭᠢᠯ ᠦᠶ᠎ᠡ ᠶᠠᠭ ᠶᠠᠪᠤᠭᠳᠠᠵᠤ ᠪᠠᠶᠢᠨ᠎ᠠ ᠭᠡᠵᠦ ᠦᠵᠡᠭᠡᠳ ᠳᠡᠭᠡᠷᠡᠬᠢ ᠬᠤᠶᠠᠷ ᠤᠳᠠᠭᠠᠨ ᠤ ᠤᠷᠴᠢᠭᠤᠯᠭ᠎ᠠ ᠶᠢᠨ ᠣᠷᠭᠢᠯ ᠦᠶ᠎ᠡ ᠶᠢᠨ ᠲᠡᠦᠬᠡᠨ ᠬᠤᠭᠤᠴᠠᠭᠠᠨ ᠤ ᠵᠠᠭᠠᠭ ᠱᠤᠭᠤᠮ ᠬᠢᠭᠡᠳ ᠲᠡᠭᠦᠨ ᠦ ᠦᠨᠳᠦᠰᠦᠨ ᠤᠨᠴᠠᠯᠢᠭ ᠤᠨ ᠲᠤᠬᠠᠢ ᠦᠪᠡᠷ ᠦᠨ ᠦᠵᠡᠯᠲᠡ ᠪᠡᠨ ᠳᠤᠷᠠᠳᠤᠨ ᠭᠠᠷᠭᠠᠵᠠᠢ᠃
Original Literature View Original Paper
出自 西北民族大学学报 2006年 第1期

联系我们


内蒙古大学图书馆
呼和浩特市大学西路235号
中国·内蒙古
P: (0471) 4992561
E: huangfeilong@imu.edu.cn