Paper Information


Title 《ᠬᠦᠬᠡ ᠰᠤᠳᠤᠷ》 ᠤᠨ ᠲᠤᠪᠴᠢᠳᠤ ᠲᠤᠯᠳᠤ ᠳ᠋ᠡᠬᠢ ᠦᠨᠳᠦᠰᠦᠳᠡᠨ ᠤ ᠤᠬᠠᠮᠰᠠᠷ ᠤᠨ ᠲᠤᠬᠠᠢ ᠰᠢᠨᠵᠢᠯᠡᠬᠦ ᠨᠢ
Creator ᠭᠦᠩ ᠵᠢᠨ ᠿᠦᠩ; ᠬᠠᠰ᠋ᠭᠤᠣ᠎ᠠ
Keyword 《ᠬᠦᠬᠡ ᠰᠤᠳᠤᠷ》; ᠡᠭᠦᠰᠦᠯ ᠵᠤᠷᠢᠯᠭ᠎ᠠ; ᠦᠨᠳᠦᠰᠦᠳᠡᠨ ᠤ ᠤᠬᠠᠮᠰᠠᠷ
Abstract ᠲᠤᠰ ᠦᠭᠦᠯᠡᠯ ᠳᠤ ᠢᠨᠵᠠᠨᠨᠠᠰᠢ ᠶᠢᠨ 《ᠬᠦᠬᠡ ᠰᠤᠳᠤᠷ》 ᠤᠨ ᠪᠢᠴᠢᠭᠳᠡᠭᠰᠡᠨ ᠡᠭᠦᠰᠦᠯ᠂ ᠵᠤᠷᠢᠯᠭ᠎ᠠ ᠵᠡᠷᠭᠡ ᠶᠢ ᠰᠢᠨᠵᠢᠯᠡᠵᠦ᠂ ᠡᠭᠦᠨ ᠤ ᠤᠯᠠᠮ ᠳᠤ《ᠬᠦᠬᠡ ᠰᠤᠳᠤᠷ》 ᠤᠨ ᠲᠤᠪᠴᠢᠳᠤ ᠲᠤᠯᠳᠤ ᠳ᠋ᠡᠬᠢ ᠦᠨᠳᠦᠰᠦᠳᠡᠨ ᠤ ᠤᠬᠠᠮᠰᠠᠷ ᠤᠨ ᠲᠤᠬᠠᠢ ᠭᠤᠷᠪᠠᠨ ᠲᠠᠯ᠎ᠠ ᠪᠡᠷ ᠦᠭᠦᠯᠡᠵᠡᠢ᠃ ᠡᠬᠢᠨ ᠤ ᠬᠡᠰᠡᠭ ᠲᠤ ᠴᠢᠩ ᠤᠨ ᠬᠠᠪᠴᠢᠯ ᠭᠠᠳᠠᠭᠤᠷᠴᠢᠯᠠᠯ ᠡᠴᠡ ᠲᠦᠷᠦᠭᠳᠡᠭᠰᠡᠨ ᠦᠨᠳᠦᠰᠦᠳᠡᠨ ᠤ ᠤᠬᠠᠮᠰᠠᠷ ᠤᠨ ᠲᠤᠬᠠᠢ ᠶᠠᠷᠢᠵᠠᠢ᠃ ᠡᠭᠦᠨ ᠳᠤ ᠮᠠᠨᠵᠤ ᠴᠢᠩ ᠤᠨ ᠨᠤᠶᠠᠷᠬᠠᠯ ᠬᠡᠴᠡᠭᠦᠳᠡᠵᠦ᠂ ᠮᠤᠩᠭᠤᠯ ᠨᠤᠳᠤᠭ ᠲᠤ ᠬᠤᠰᠢᠭᠤ ᠴᠢᠭᠤᠯᠭᠠᠨ ᠤ ᠲᠦᠷᠢᠮ ᠪᠠᠢᠭᠤᠯᠵᠤ᠂ ᠰᠢᠷ᠎ᠠ ᠶᠢᠨ ᠱᠠᠰᠢᠨ ᠢ ᠶᠡᠬᠡ ᠬᠡᠮᠵᠢᠶ᠎ᠡ ᠪᠡᠷ ᠲᠡᠯᠭᠡᠷᠡᠭᠦᠯᠵᠦ᠂ ᠮᠤᠩᠭᠤᠯᠴᠤᠳ ᠤᠨ ᠰᠦᠷ ᠬᠦᠴᠦᠨ ᠢ ᠶᠡᠬᠡ ᠬᠡᠮᠵᠢᠶ᠎ᠡ ᠪᠡᠷ ᠪᠠᠭᠤᠷᠠᠭᠤᠯᠤᠭᠰᠠᠨ ᠳᠤ ᠵᠤᠬᠢᠶᠠᠭᠴᠢ ᠡᠴᠡ ᠦᠨᠳᠦᠰᠦᠳᠡᠨ ᠶᠢᠡᠨ ᠠᠪᠤᠷᠠᠬᠤ ᠭᠡᠰᠡᠨ ᠰᠡᠳᠭᠢᠯᠭᠡ ᠪᠠᠨ ᠢᠯᠡᠷᠡᠭᠦᠯᠵᠦ᠂ 《ᠬᠦᠬᠡ ᠰᠤᠳᠤᠷ》ᠪᠢᠴᠢᠭᠳᠡᠭᠰᠡᠨ ᠭᠡᠵᠦ ᠦᠵᠡᠵᠡᠢ᠃ ᠬᠤᠶᠠᠳᠤᠭᠠᠷ ᠬᠡᠰᠡᠭ ᠲᠤ ᠮᠤᠩᠭᠤᠯᠴᠤᠳ ᠶᠢᠡᠨ ᠲᠠᠭᠤᠳᠠᠨ ᠰᠡᠷᠡᠭᠡᠬᠦ᠂ ᠤᠭ ᠢᠵᠠᠭᠤᠷ ᠶᠢᠡᠨ ᠮᠡᠳᠡᠭᠦᠯᠬᠦ ᠵᠤᠷᠢᠯᠭ᠎ᠠ ᠪᠦᠬᠦᠢ ᠦᠨᠳᠦᠰᠦᠳᠡᠨ ᠤ ᠤᠬᠠᠮᠰᠠᠷ ᠤᠨ ᠲᠤᠬᠠᠢ ᠶᠠᠷᠢᠵᠠᠢ᠃ ᠲᠤᠰ ᠬᠡᠰᠡᠭ ᠲᠤ ᠰᠢᠷ᠎ᠠ ᠶᠢᠨ ᠱᠠᠰᠢᠨ ᠤ ᠮᠤᠩᠬᠠᠷᠠᠭᠤᠯᠤᠯ ᠡᠴᠡ ᠪᠤᠯᠵᠤ ᠵᠤᠬᠢᠶᠠᠭᠴᠢ ᠡᠴᠡ ᠮᠤᠩᠭᠤᠯᠴᠤᠳ ᠤᠨ ᠪᠠᠭᠠᠳᠤᠷᠯᠢᠭ ᠦᠵᠡᠯ᠂ ᠪᠠᠶᠠᠰᠤᠩᠭᠤᠢ ᠦᠵᠡᠯ ᠶᠢᠡᠨ ᠠᠯᠳᠠᠭᠰᠠᠨ ᠪᠠᠢᠳᠠᠯ ᠳᠤ ᠰᠠᠨᠠᠭᠠᠰᠢᠷᠠᠵᠤ᠂ 《ᠬᠦᠬᠡ ᠰᠤᠳᠤᠷ》ᠪᠢᠴᠢᠭᠳᠡᠭᠰᠡᠨ ᠭᠡᠵᠦ ᠦᠵᠡᠵᠡᠢ᠃ ᠰᠡᠭᠦᠯᠴᠡᠢ ᠶᠢᠨ ᠬᠡᠰᠡᠭ ᠲᠤ ᠢᠯᠵᠢᠷᠡᠮᠡᠯ ᠪᠠᠶᠠᠳ ᠨᠤᠶᠠᠳ ᠢ ᠰᠢᠭᠦᠮᠵᠢᠯᠡᠨ᠂ ᠦᠨᠳᠦᠰᠦᠳᠡᠨ ᠤ ᠵᠤᠷᠢᠭ ᠰᠠᠨᠠᠭ᠎ᠠ ᠶᠢ ᠲᠠᠭᠤᠳᠠᠨ ᠰᠡᠷᠭᠦᠭᠡᠬᠦ ᠵᠤᠷᠢᠯᠭ᠎ᠠ ᠪᠦᠬᠦᠢ ᠦᠨᠳᠦᠰᠦᠳᠡᠨ ᠤ ᠤᠬᠠᠮᠰᠠᠷ ᠤᠨ ᠲᠤᠬᠠᠢ ᠦᠭᠦᠯᠡᠵᠡᠢ᠃
Original Literature View Original Paper
出自 赤峰学院学报(蒙文哲学社会科学版) 2017年 第2期

联系我们


内蒙古大学图书馆
呼和浩特市大学西路235号
中国·内蒙古
P: (0471) 4992561
E: huangfeilong@imu.edu.cn