Paper Information


Title ᠪᠠᠢ᠌ᠭᠠᠯᠢ ᠶᠢᠨ ᠤᠷᠴᠢᠨ ᠤ ᠬᠠᠮᠠᠭᠠᠯᠠᠯᠳᠠ ᠶᠢᠨ ᠲᠦᠷᠪᠡᠨ ᠵᠦᠢᠯ ᠤᠨ ᠠᠵᠤ ᠠᠬᠤᠢ ᠶᠢᠨ ᠵᠠᠭᠪᠤᠷ ᠤᠨ ᠲᠤᠬᠠᠢ ᠵᠠᠳᠠᠯᠤᠯᠳᠠ
Creator ᠳ᠋ᠤᠺᠲ᠋ᠤᠷ᠂ ᠲᠡᠳ᠋ ᠫᠷᠤᠹᠸᠰᠰᠤᠷ ᠾᠦᠩ ᠭᠤᠸᠠᠩ; ᠳ᠋ᠤᠺᠲ᠋ᠤᠷ ᠠᠯᠳᠠᠨᠴᠢᠮᠡᠭ; ᠰᠢᠶᠠ ᠯᠢ ᠴᠸᠩ
Keyword ᠡᠷᠭᠢᠯᠳᠡ ᠶᠢᠨ ᠠᠵᠤ ᠠᠬᠤᠢ; ᠪᠤᠬᠢᠷᠳᠤᠯ ᠦᠭᠡᠢ ᠠᠵᠤ ᠠᠬᠤᠢ; ᠠᠮᠢ ᠠᠬᠤᠢ ᠶᠢᠨ ᠠᠵᠤ ᠠᠬᠤᠢ; ᠲᠤᠤᠷ᠎ᠠ ᠨᠡᠭᠦᠷᠡᠰᠦᠳᠦ᠋ᠷᠤᠭ᠍ᠴᠢᠳᠦ ᠠᠵᠤ ᠠᠬᠤᠢ
Abstract ᠤᠢ᠌ᠷ᠎ᠠ ᠦᠶ᠎᠎᠎᠎᠎᠎᠎᠎᠎᠎᠎᠎᠎᠎᠎᠎᠎᠎᠎᠎᠎᠎᠎ᠡ ᠶᠢᠨ ᠤᠷᠴᠢᠨ ᠠᠬᠤᠢ ᠶᠢᠨ ᠬᠢᠮᠤᠷᠠᠯ᠂ ᠡᠬᠢ ᠪᠠᠶᠠᠯᠢᠭ ᠤ ᠬᠢᠮᠤᠷᠠᠯ ᠤᠨ ᠡᠭᠦᠰᠬᠦ ᠶᠢ ᠲᠠᠭᠠᠯᠳᠤᠨ ᠡᠷᠭᠢᠯᠳᠡ ᠶᠢᠨ ᠠᠵᠤ ᠠᠬᠤᠢ᠂ ᠪᠤᠬᠢᠷᠳᠤᠯ ᠦᠭᠡᠢ ᠠᠵᠤ ᠠᠬᠤᠢ᠂ ᠠᠮᠢ ᠠᠬᠤᠢ ᠶᠢᠨ ᠠᠵᠤ ᠠᠬᠤᠢ ᠪᠠ ᠲᠤᠤᠷ᠎᠎ᠠ ᠨᠡᠭᠦᠷᠡᠰᠦᠳᠦ᠋ᠷᠦᠭ᠍ᠴᠢᠳᠦ ᠠᠵᠤ ᠠᠬᠤᠢ ᠵᠡᠷᠭᠡ ᠠᠵᠤ ᠠᠬᠤᠢ ᠶᠢᠨ ᠲᠦᠷᠦᠯ ᠵᠦᠢᠯ ᠪᠤᠢ ᠪᠤᠯᠤᠭᠰᠠᠨ ᠪᠠᠢ᠌ᠨ᠎ᠠ᠃ ᠡᠳᠡᠭᠡᠷ ᠠᠵᠤ ᠠᠬᠤᠢ ᠶᠢᠨ ᠲᠦᠷᠦᠯ ᠵᠦᠢᠯ  ᠤᠳ ᠨᠢ ᠬᠦᠮᠦᠨ ᠲᠦᠷᠦᠯᠬᠢᠳᠡᠨ ᠤ ᠡᠮᠦᠨ᠎ᠡ ᠲᠤᠯᠭᠠᠷᠠᠵᠤ ᠪᠦᠬᠦᠢ ᠦᠷᠬᠦᠯᠵᠢᠯᠡᠬᠦᠢ ᠬᠦᠭ᠍ᠵᠢᠯᠳᠡ ᠶᠢᠨ ᠠᠰᠠᠭᠤᠳᠠᠯ ᠢ ᠰᠢᠢᠳᠪᠦᠷᠢᠯᠡᠬᠦ ᠰᠠᠨᠠᠭ᠎ᠠ ᠵᠤᠷᠢᠯᠭ᠎ᠠ ᠪᠡᠷ ᠵᠤᠷᠢᠯᠳᠠ ᠨᠢᠭᠡᠳᠠᠢ ᠪᠠᠢ᠌ᠵᠤ᠂ ᠠᠭᠤᠯᠭ᠎ᠠ ᠶᠢᠨ ᠬᠤᠪᠢ ᠳᠤ ᠲᠠᠪᠬᠤᠴᠠᠬᠤ ᠵᠦᠢᠯ ᠤᠳ ᠤᠷᠤᠰᠢᠳᠠᠭ ᠪᠤᠯᠬᠤᠷ ᠵᠠᠷᠢᠮ ᠲᠠᠯ᠎ᠠ ᠪᠡᠷ ᠠᠮᠠᠷᠬᠠᠨ ᠬᠤᠳᠬᠤᠯᠳᠤᠬᠤ ᠮᠠᠶ‍ᠢᠭ ᠲᠠᠢ ᠴᠤ ᠰᠤᠳᠤᠯᠭᠠᠨ ᠤ ᠴᠢᠭ᠍ᠯᠡᠯ᠂ ᠠᠷᠭ᠎ᠠ ᠵᠠᠮ ᠵᠢᠴᠢ ᠰᠤᠳᠤᠯᠭᠠᠨ ᠤ ᠦᠨᠳᠦᠰᠦᠨ ᠵᠦᠢᠯ ᠨᠢ ᠦᠭᠡᠷ᠎ᠡ ᠪᠠᠢ᠌ᠳᠠᠭ ᠶᠢᠡᠷ ᠢᠯᠭᠠᠭ᠎ᠠ ᠲᠠᠢ ᠪᠠᠢ᠌ᠳᠠᠭ᠃ ᠲᠡᠭᠡᠷᠡᠬᠢ ᠠᠵᠤ ᠠᠬᠤᠢ ᠶᠢᠨ ᠵᠠᠭᠪᠤᠷ ᠨᠢ ᠠᠵᠤ ᠠᠬᠤᠢ ᠶᠢᠨ ᠬᠡᠯᠪᠡᠷᠢ ᠶᠢᠨ ᠰᠢᠯᠵᠢᠯᠳᠡ ᠲᠠᠢ ᠪᠠᠢ᠌ᠵᠤ᠂ ᠲᠡᠭᠦᠨ ᠤ ᠪᠡᠶᠡᠯᠡᠭᠳᠡᠯ ᠳᠤ ᠵᠤᠬᠢᠬᠤ ᠨᠦᠭᠦᠴᠡᠯ ᠬᠡᠷᠡᠭᠳᠡᠢ ᠪᠠᠢ᠌ᠳᠠᠭ᠃ ᠲᠡᠭᠡᠷᠡᠬᠢ ᠠᠵᠤ ᠠᠬᠤᠢ ᠶᠢᠨ ᠵᠠᠭᠪᠤᠷ ᠨᠢ ᠠᠵᠤ ᠠᠬᠤᠢ ᠶᠢᠨ ᠬᠡᠯᠪᠡᠷᠢ ᠶᠢᠨ ᠰᠢᠯᠵᠢᠯᠳᠡ ᠲᠠᠢ ᠪᠠᠢ᠌ᠵᠤ᠂ ᠲᠡᠭᠦᠨ ᠤ ᠪᠡᠶᠡᠯᠡᠭᠳᠡᠯ ᠳᠤ ᠵᠤᠬᠢᠬᠤ ᠨᠦᠭᠦᠴᠡᠯ ᠬᠡᠷᠡᠭᠳᠡᠢ ᠪᠠᠢ᠌ᠳᠠᠭ᠃ ᠮᠠᠨ ᠤ ᠤᠯᠤᠰ ᠤᠨ ᠠᠵᠤ ᠠᠬᠤᠢ ᠶᠢᠨ ᠬᠦᠭ᠍ᠵᠢᠯᠳᠡ ᠶᠢᠨ ᠵᠠᠩᠭᠢᠯᠠᠭ᠎ᠠ ᠨᠢ ᠠᠵᠤ ᠠᠬᠤᠢ ᠶᠢᠨ ᠰᠢᠯᠵᠢᠯᠳᠡ ᠶᠢ ᠲᠦᠷᠭᠡᠳᠭᠡᠵᠦ᠂ ᠠᠵᠤ ᠠᠬᠤᠢ ᠶᠢᠨ ᠬᠦᠭ᠍ᠵᠢᠯᠳᠡ ᠶᠢᠨ ᠵᠢᠮ᠎ᠡ ᠶᠤᠰᠤ ᠪᠡᠷ ᠲᠤᠮᠳᠠᠳᠤ ᠶᠢᠨ ᠤᠨᠴᠠᠯᠢᠭ ᠪᠦᠬᠦᠢ ᠬᠦᠮᠦᠨ ᠪᠠᠢ᠌ᠭᠠᠯᠢ ᠶᠢᠨ ᠡᠢ᠎ᠡ ᠵᠤᠬᠢᠴᠠᠯ ᠲᠠᠢ ᠬᠦᠭ᠍ᠵᠢᠯᠳᠡ ᠶᠢᠨ ᠵᠠᠮ ᠵᠢᠴᠢ ᠡᠨ᠋ᠸᠷᠭᠢ ᠶᠢ ᠬᠠᠮᠤᠭ ᠤᠨ ᠶᠡᠬᠡ ᠬᠡᠪᠴᠢᠶᠡᠨ ᠳᠤ ᠭᠠᠮᠨᠠᠬᠤ ᠬᠦᠭ᠍ᠵᠢᠯᠳᠡ ᠶᠢᠨ ᠵᠠᠮ ᠢ ᠬᠠᠢ᠌ᠨ ᠰᠦᠪᠡᠭ᠍ᠴᠢᠯᠡᠬᠦ ᠶᠠᠪᠤᠳᠠᠯ ᠪᠤᠯᠤᠨ᠎ᠠ᠃
Original Literature View Original Paper
出自 内蒙古社会科学(蒙文版) 2015年 第4期

联系我们


内蒙古大学图书馆
呼和浩特市大学西路235号
中国·内蒙古
P: (0471) 4992561
E: huangfeilong@imu.edu.cn