Paper Information


Title ᠮᠣᠩᠭᠣᠯ ᠦᠨᠳᠶᠦᠰᠦᠳᠡᠨ ᠦ ᠨᠡᠭᠦᠳᠡᠯᠯᠡᠨ ᠮᠠᠯᠵᠢᠬᠤ ᠤᠯᠠᠮᠵᠢᠯᠠᠯ ᠬᠢᠭᠡᠳ ᠲᠠᠯ ᠠ ᠨᠤᠳᠤᠭ ᠤᠨ ᠠᠮᠢ ᠠᠬᠤᠢ
Creator ᠪᠤᠤ ᠬᠤᠩ ᠮᠸᠢ
Keyword ᠨᠡᠭᠦᠳᠡᠯᠯᠡᠨ ᠮᠠᠯᠵᠢᠬᠤ ᠤᠯᠠᠮᠵᠢᠯᠠᠯ ; ᠲᠠᠯ ᠠ ᠨᠤᠳᠤᠭ ᠤᠨ ᠠᠮᠢ ᠠᠬᠤᠢ
Abstract ᠥᠪᠥᠷ ᠮᠣᠩᠭᠣᠯ ᠤᠨ ᠳᠡᠭᠡᠳᠤᠰ 4000ᠵᠢᠯ ᠤᠨ ᠡᠮᠦᠨ᠎ᠡ ᠨᠢᠬᠡᠨᠳᠡ 《ᠪᠡᠯᠴᠢᠭᠡᠷ ᠤᠰᠤ ᠳᠠᠭᠠᠨ ᠨᠡᠭᠦᠳᠡᠯᠯᠡᠬᠦ》ᠮᠠᠯᠵᠢᠬᠤ ᠠᠮᠢᠳᠤᠷᠠᠯ  ᠢ ᠦᠨᠭᠡᠷᠡᠭᠡᠵᠦ ᠪᠠᠢ᠌ᠵᠠᠢ᠃ᠡᠨᠡᠬᠦ ᠠᠮᠢᠳᠤᠷᠠᠯ ᠤᠨ ᠠᠷᠭ᠎ᠠ ᠮᠠᠶᠢ᠍ᠭ ᠤᠨ ᠪᠤᠢ ᠪᠤᠯᠤᠭᠰᠠᠨ ᠨᠢ ᠬᠡᠨᠡᠳᠳᠡ ᠶᠢᠨ ᠶᠠᠪᠤᠳᠠᠯ ᠪᠢᠰᠢ᠂ ᠬᠠᠷᠢᠨ ᠲᠠᠯ ᠠ ᠨᠤᠳᠤᠭ ᠤᠨ ᠪᠠᠢ᠌ᠭᠠᠯᠢ ᠶᠢᠨ ᠤᠷᠴᠢᠨ ᠲᠠᠢ ᠵᠤᠬᠢᠴᠠᠯᠳᠤᠬᠤ ᠴᠤᠷ ᠤᠨ ᠭᠠᠭᠴᠠ ᠰᠤᠩᠭ᠋ᠤᠯᠳᠠ ᠮᠦᠨ᠂ ᠠᠳᠠᠯᠢ ᠪᠤᠰᠤ ᠶᠢᠨ ᠨᠡᠭᠦᠳᠡᠯᠯᠡᠨ ᠮᠠᠯᠵᠢᠬᠤ ᠬᠡᠯᠪᠡᠷᠢ ᠪᠡ ᠪᠡᠯᠴᠢᠭᠡᠷ ᠠᠰᠢᠭᠯᠠᠬᠤ ᠬᠡᠯᠪᠡᠷᠢ ᠪᠤᠯ ᠮᠠᠯᠴᠢᠳ ᠤᠨ ᠪᠠᠢ᠌ᠭᠠᠯᠢ ᠶᠢᠨ ᠶᠤᠰᠤ ᠵᠢᠷᠤᠮ ᠢ ᠳᠠᠨᠢᠭᠰᠠᠨ ᠦ ᠰᠠᠭᠤᠷᠢᠨ ᠳᠡᠭᠡᠷ ᠡ ᠪᠦᠷᠢᠯᠳᠦᠭᠰᠡᠨ᠂ ᠲᠠᠯ ᠠ ᠨᠤᠳᠤᠭ ᠤᠨ ᠠᠮᠢ ᠠᠬᠤᠢ ᠲᠠᠢ ᠨᠢᠭᠡᠳᠦᠯᠴᠡᠬᠦ ᠪᠤᠯᠪᠠᠰᠤᠨ ᠠᠮᠢᠳᠤᠷᠠᠯ ᠤᠨ ᠠᠷᠭ᠎ᠠ ᠮᠠᠶᠢ᠍ᠭ ᠮᠦᠨ᠂ ᠨᠡᠭᠦᠳᠡᠯ ᠮᠠᠯᠵᠢᠯ ᠤᠨ ᠤᠯᠠᠮᠵᠢᠯᠠᠯ ᠤᠨ ᠬᠦᠭ᠍ᠵᠢᠯᠳᠡ ᠡᠴᠡ ᠪᠠᠭᠤᠷᠠᠯᠳᠠ ᠳᠤ ᠤᠷᠤᠭᠰᠠᠨ ᠳᠦᠬᠡ ᠪᠤᠯ ᠮᠦᠨ ᠴᠤ ᠲᠠᠯ ᠠ ᠨᠤᠳᠤᠭ ᠤᠨ ᠠᠮᠢ ᠠᠬᠤᠢ ᠪᠦᠷᠢᠨ ᠪᠦᠳᠦᠨ ᠪᠠᠢ᠌ᠭᠰᠠᠨ ᠡᠴᠡ ᠡᠪᠳᠡᠭᠳᠡᠨ ᠠᠳᠠᠷᠰᠢᠭᠰᠠᠨ ᠳᠡᠦᠬᠡ ᠮᠦᠨ᠂ ᠡᠢ᠌ᠮᠦ ᠡᠴᠡ ᠬᠡᠳᠦᠨ ᠮᠢᠩᠭ᠋ᠠᠨ ᠵᠢᠯ ᠤᠨ ᠲᠤᠷᠰᠢ ᠡᠨᠡ ᠬᠦ ᠨᠡᠭᠦᠳᠡᠯᠯᠡᠨ ᠮᠠᠯᠵᠢᠬᠤ ᠤᠯᠠᠮᠵᠢᠯᠠᠯ ᠨᠢ ᠲᠠᠯ ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠳᠤ ᠪᠠᠯᠠᠷᠠᠰᠢ ᠦᠬᠡᠢ ᠵᠢᠳᠭᠦᠯ ᠦᠵᠡᠭᠦᠯᠦᠭᠰᠡᠨ ᠪᠠᠢ᠌ᠳᠠᠭ᠃
Original Literature View Original Paper
出自 内蒙古大学学报 2004年 第5期

联系我们


内蒙古大学图书馆
呼和浩特市大学西路235号
中国·内蒙古
P: (0471) 4992561
E: huangfeilong@imu.edu.cn