Paper Information


Title ᠲᠦᠩᠯᠢᠶᠤᠤ ᠬᠤᠲᠠ ᠶᠢᠨ ᠬᠤᠷᠴᠢᠨ ᠲᠤᠭᠤᠷᠢᠭ ᠤᠨ ᠬᠠᠪᠤᠷ ᠤᠨ ᠤᠯᠠᠷᠢᠯ ᠳᠠᠬᠢ ᠬᠤᠲᠠ ᠪᠠ ᠬᠤᠲᠠ ᠶᠢᠨ ᠲᠡᠭᠦᠷᠭᠡ ᠶᠢᠨ ᠠᠭᠠᠷ ᠤᠨ ᠪᠤᠵᠠᠷᠲᠤᠯ ᠤᠨ ᠬᠠᠷᠢᠴᠠᠭᠤᠯᠤᠭᠰᠠᠨ ᠰᠤᠳᠤᠯᠤᠯᠲᠠ
Creator ᠪᠤᠤ ᠭᠦᠢ ᠿᠦᠩ; ᠰᠤᠶᠤᠯᠴᠡᠴᠡᠭ
Keyword ᠠᠭᠠᠷ ᠤᠨ ᠴᠢᠨᠠᠷ ᠴᠢᠨᠰᠠᠭ᠎ᠠ; So2; No2; TSP
Abstract ᠦᠭᠦᠯᠡᠯ ᠳᠦ 2006 ᠤᠨ ᠤ 4 ᠪᠠ 5᠋ ᠳᠤᠭᠠᠷ ᠰᠠᠷ᠎ᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠨ᠂ ᠬᠤᠷᠴᠨ ᠲᠤᠭᠤᠷᠢᠭ ᠤᠨ ᠬᠤᠲᠠ ᠪᠠ ᠬᠤᠲᠠ ᠶᠢᠨ ᠲᠡᠭᠦᠷᠭᠡ ᠶᠢᠨ ᠠᠭᠠᠷ ᠤᠨ ᠴᠢᠨᠠᠷ ᠴᠢᠨᠰᠠᠭ᠎ᠠ ᠶᠢ ᠤᠨᠤᠪᠴᠢᠲᠠᠢ ᠬᠠᠷᠢᠴᠠᠭᠤᠯᠤᠨ ᠠᠳᠠᠯᠢᠳᠬᠠᠭᠰᠠᠨ ᠪᠠᠶᠢᠨ᠎ᠠ᠃ ᠬᠤᠲᠠ ᠶᠢᠨ ᠳᠤᠮᠳᠠ ᠪᠠ ᠬᠤᠲᠠ ᠶᠢᠨ ᠲᠡᠭᠦᠷᠭᠡ ᠶᠢᠨ 4᠋ ᠳᠦᠭᠡᠷ ᠪᠡ 5᠋ ᠳᠤᠭᠠᠷ ᠰᠠᠷ᠎ᠠ ᠳᠤ ᠠᠭᠠᠷ ᠲᠠᠬᠢ SO2᠂ NO2 ᠨᠢ ᠪᠥᠷ ᠪᠠᠷᠢᠮᠵᠢᠶᠠᠨ ᠠᠴᠠ ᠬᠡᠲᠦᠷᠬᠦ ᠦᠭᠡᠢ ᠪᠥᠭᠡᠳ TSP (总悬浮颗粒物᠂ ᠠᠭᠠᠷ ᠲᠠᠬᠢ ᠶᠡᠷᠦᠩᠬᠡᠢ ᠬᠦᠪᠪᠦᠮᠡᠯ ᠮᠦᠬᠦᠯᠢᠭᠲᠦ ᠪᠤᠳᠠᠰ) ᠨᠢ 4᠋ ᠳᠦᠭᠡᠷ ᠰᠠᠷ᠎ᠠ ᠳᠤ ᠪᠠᠷᠢᠮᠵᠢᠶᠠᠨ ᠠᠴᠠ ᠬᠡᠲᠦᠷᠬᠦ ᠦᠭᠡᠢ ᠪᠠᠶᠢᠬᠤ ᠳᠤ᠂ 5᠋ ᠳᠤᠭᠠᠷ ᠰᠠᠷ᠎ᠠ ᠳᠤ ᠬᠠᠷᠢᠨ ᠪᠠᠷᠢᠮᠵᠢᠶᠠᠨ ᠠᠴᠠ ᠶᠡᠬᠡᠪᠡᠷ ᠬᠡᠲᠦᠷᠡᠳᠡᠭ᠃ ᠬᠤᠲᠠ ᠶᠢᠨ ᠳᠤᠮᠳᠠ SO2᠂ NO2᠂ TSP᠋ ᠤᠨ ᠦᠳᠭᠡᠴᠡ ᠨᠢ ᠪᠥᠷ ᠬᠤᠲᠠ ᠶᠢᠨ ᠲᠡᠭᠦᠷᠭᠡ ᠬᠢ ᠡᠴᠡ ᠦᠨᠳᠦᠷ ᠪᠠᠶᠢᠳᠠᠭ᠃ ᠠᠭᠠᠷ ᠤᠨ ᠪᠤᠵᠠᠷᠲᠤᠯ ᠤᠨ ᠢᠯᠡᠳᠭᠡᠮᠵᠢ (污染指数)᠋ ᠶᠢ ᠦᠨᠳᠦᠰᠦᠯᠡᠪᠡᠯ᠂ 4᠋ ᠳᠢᠭᠡᠷ ᠰᠠᠷ᠎ᠠ  ᠶᠢᠨ ᠠᠭᠠᠷ ᠤᠨ ᠴᠢᠨᠠᠷ ᠴᠢᠨᠰᠠᠭ᠎ᠠ ᠨᠢ ᠨᠡᠯᠢᠶᠡᠳ ᠰᠠᠶᠢᠨ ᠪᠠᠶᠢᠵᠤ᠂ ᠤᠯᠤᠰ ᠤᠨ ᠬᠤᠶᠠᠳᠤᠭᠠᠷ ᠳᠡᠰ ᠦᠨ ᠪᠠᠷᠢᠮᠵᠢᠶ᠎ᠠ ᠳᠤ ᠬᠦᠷᠴᠦ᠂ 5᠋ ᠳᠤᠭᠠᠷ ᠰᠠᠷ᠎ᠠ ᠳᠤ ᠠᠭᠠᠷ ᠤᠨ ᠴᠢᠨᠠᠷ ᠴᠢᠨᠰᠠᠭ᠎ᠠ ᠨᠢ ᠨᠡᠯᠢᠶᠡᠳ ᠮᠠᠭᠤ᠂ ᠲᠠᠪᠤᠳᠤᠭᠠᠷ ᠳᠡᠰ ᠦᠨ ᠬᠦᠨᠳᠦ ᠪᠤᠵᠠᠷᠲᠤᠯ ᠤᠨ ᠪᠠᠷᠢᠮᠵᠢᠶᠠᠨ ᠳᠤ ᠬᠦᠷᠳᠡᠭ᠃ ᠬᠤᠲᠠ ᠶᠢᠨ ᠲᠡᠭᠦᠷᠭᠡ ᠶᠢᠨ ᠠᠭᠠᠷ ᠤᠨ ᠴᠢᠨᠠᠷ ᠴᠢᠨᠰᠠᠭ᠎ᠠ ᠨᠢ ᠬᠤᠲᠠ ᠶᠢᠨ ᠳᠤᠮᠳᠠ ᠬᠢ ᠠᠴᠠ ᠰᠠᠶᠢᠨ ᠪᠠᠶᠢᠳᠠᠭ᠃ ᠠᠭᠠᠷ ᠤᠨ ᠴᠢᠨᠠᠷ ᠴᠢᠨᠰᠠᠭ᠎ᠠ ᠨᠢ ᠬᠦᠮᠦᠨ ᠦ ᠬᠦᠴᠦᠨ ᠦ ᠨᠦᠯᠦᠭᠡ ᠶᠢ ᠬᠦᠷᠲᠡᠬᠦ ᠡᠴᠡ ᠭᠠᠳᠠᠨ᠎ᠠ ᠪᠠᠰᠠ ᠪᠠᠶᠢᠭᠠᠯᠢ ᠶᠢᠨ ᠬᠦᠴᠦᠨ ᠦ ᠨᠦᠯᠦᠭᠡ ᠶᠢ ᠶᠡᠬᠡᠪᠡᠷ ᠬᠦᠷᠲᠡᠳᠡᠭ ᠪᠦᠭᠡᠳ ᠰᠠᠯᠬᠢᠨ ᠤ ᠬᠤᠷᠳᠤᠴᠠ ᠪᠠ ᠬᠤᠷ᠎ᠠ ᠲᠤᠨᠤᠳᠠᠰᠤ (ᠲᠤᠨᠳᠠᠰᠤ) ᠬᠤᠶᠠᠷ ᠪᠤᠯ TSP᠋ ᠤᠨ ᠨᠦᠯᠦᠭᠡᠯᠡᠬᠦ ᠭᠤᠤᠯ ᠬᠦᠴᠦᠨ ᠪᠤᠯᠬᠤ ᠶᠢ ᠮᠡᠳᠡᠪᠡ᠃
Original Literature View Original Paper
出自 内蒙古民族大学学报(自然科学) 2007年 第2期

联系我们


内蒙古大学图书馆
呼和浩特市大学西路235号
中国·内蒙古
P: (0471) 4992561
E: huangfeilong@imu.edu.cn