Paper Information


Title ᠮᠠᠲ᠋ᠧᠷᠢᠶᠠᠯ ᠹᠢᠽᠢᠺ ᠤᠨ ᠲᠤᠰᠬᠠᠢ ᠮᠡᠷᠭᠡᠵᠢᠯ ᠦᠨ ᠬᠤᠯᠪᠤᠭᠳᠠᠯ ᠪᠦᠬᠦᠢ ᠨᠡᠷ᠎ᠡ ᠲᠤᠮᠢᠶ᠎ᠠ ᠶᠢ ᠮᠣᠩᠭᠤᠯᠴᠢᠯᠠᠬᠤ ᠲᠤᠬᠠᠢ ᠰᠦᠪᠡᠭᠴᠢᠯᠡᠯᠲᠡ
Creator ᠨᠠᠷᠠᠰᠤ; ᠵᠢᠷᠭᠠᠯ
Keyword ᠮᠠᠲ᠋ᠧᠷᠢᠶᠠᠯ ᠹᠢᠽᠢᠺ; ᠭᠤᠤᠯ ᠬᠢᠴᠢᠶᠡᠯᠡᠯᠭᠡ; ᠨᠡᠷ᠎ᠡ ᠲᠤᠮᠢᠶ᠎ᠠ; ᠮᠣᠩᠭᠤᠯᠴᠢᠯᠠᠬᠤ
Abstract ᠮᠠᠲ᠋ᠧᠷᠢᠶᠠᠯ ᠹᠢᠽᠢᠺ ᠤᠨ ᠲᠤᠰᠬᠠᠢ ᠮᠡᠷᠭᠡᠵᠢᠯ ᠦᠨ ᠵᠢᠭᠠᠨ ᠰᠤᠷᠭᠠᠯᠲᠠ ᠶᠢᠨ ᠭᠤᠤᠯ ᠬᠢᠴᠢᠶᠡᠯᠡᠯᠭᠡ ᠶᠢᠨ ᠨᠡᠷ᠎ᠡ ᠲᠤᠮᠢᠶ᠎ᠠ ᠶᠢ ᠮᠣᠩᠭᠤᠯᠴᠢᠯᠠᠬᠤ ᠨᠢ ᠦᠪᠦᠷ ᠮᠣᠩᠭᠤᠯ ᠤᠨ ᠣᠷᠤᠨ ᠪᠤᠶᠤ ᠴᠢᠨᠠᠭᠰᠢᠯᠠᠪᠠᠯ ᠪᠦᠬᠦ ᠤᠯᠤᠰ ᠤᠨ ᠴᠦᠬᠡᠨ ᠲᠤᠭᠠᠲᠤ ᠦᠨᠳᠦᠰᠦᠲᠡᠨ ᠦ ᠦᠨᠳᠦᠷ ᠳᠡᠰ ᠦᠨ ᠴᠢᠳᠠᠪᠤᠷᠢᠲᠠᠨ ᠢ ᠬᠦᠮᠦᠵᠢᠭᠦᠯᠬᠦ ᠪᠡ ᠮᠣᠩᠭᠤᠯ ᠢᠶᠠᠷ ᠬᠢᠴᠢᠶᠡᠯᠡᠯᠡᠵᠦ ᠪᠠᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠠᠭᠤᠷᠢ ᠰᠤᠷᠭᠠᠨ ᠬᠦᠮᠦᠵᠢᠯ ᠦᠨ ᠬᠦᠭᠵᠢᠯᠲᠡ ᠳᠦ ᠲᠤᠩ ᠴᠢᠬᠤᠯᠠ ᠨᠦᠯᠦᠭᠡ ᠲᠡᠢ ᠶᠤᠮ᠃ ᠵᠤᠬᠢᠶᠠᠯ ᠳᠤ᠂ ᠮᠠᠲ᠋ᠧᠷᠢᠶᠠᠯ ᠹᠢᠽᠢᠺ ᠤᠨ ᠬᠤᠯᠪᠤᠭᠳᠠᠯ ᠪᠦᠬᠦᠢ ᠨᠡᠷ᠎ᠡ ᠲᠤᠮᠢᠶ᠎ᠠ ᠶᠢ ᠮᠣᠨᠭᠤᠯᠴᠢᠯᠠᠬᠤ ᠳᠤ ᠠᠩᠬᠠᠷᠬᠤ ᠵᠦᠢᠯᠡᠰ ᠢ ᠳᠤᠷᠠᠳᠴᠤ᠂ ᠬᠤᠯᠪᠤᠭᠳᠠᠯ ᠪᠦᠬᠦᠢ ᠨᠡᠷ᠎ᠡ ᠲᠤᠮᠢᠶᠠᠨ ᠤ ᠮᠣᠩᠭᠤᠯ ᠨᠡᠷ᠎ᠡ ᠶᠢ ᠬᠡᠷᠬᠢᠨ ᠲᠤᠭᠲᠠᠭᠠᠬᠤ ᠪᠠ ᠠᠷᠴᠢᠭᠤᠯᠬᠤ ᠳᠤ ᠮᠠᠲ᠋ᠧᠷᠢᠶᠠᠯ ᠹᠢᠽᠢᠺ ᠤᠨ ᠲᠤᠰᠬᠠᠢ ᠮᠡᠷᠭᠡᠵᠢᠯ ᠦᠨ ᠵᠢᠩᠬᠢᠨᠢ ᠠᠩᠭᠢ ᠶᠢᠨ ᠭᠤᠤᠯ ᠬᠢᠴᠢᠶᠡᠯᠡᠯᠭᠡ ᠶᠢᠨ ᠨᠡᠷ᠎ᠡ ᠦᠭᠡᠰ ᠦᠨ ᠣᠷᠴᠢᠭᠤᠯᠭ᠎ᠠ ᠪᠠ ᠮᠠᠲ᠋ᠧᠷᠢᠶᠠᠯ ᠹᠢᠽᠢᠺ ᠤᠨ ᠵᠢᠭᠠᠨ ᠰᠤᠷᠭᠠᠯᠲᠠ ᠳᠤᠮᠳᠠᠬᠢ ᠴᠢᠬᠤᠯᠠ ᠨᠢᠭᠡ ᠲᠦᠷᠦᠯ ᠦᠨ ᠬᠢᠴᠢᠶᠡᠯᠡᠯᠭᠡ ᠪᠤᠯ 《ᠮᠠᠲ᠋ᠧᠷᠢᠶᠠᠯ ᠤᠨ ᠤᠬᠠᠭᠠᠨ ᠤ ᠰᠠᠭᠤᠷᠢ》 ᠭᠡᠬᠦ ᠬᠢᠴᠢᠶᠡᠯ ᠳᠦ ᠦᠷᠭᠦᠯᠵᠢ ᠢᠯᠡᠷᠡᠳᠡᠭ ᠨᠡᠷ᠎ᠡ ᠲᠤᠮᠢᠶᠠᠨ ᠤ ᠣᠷᠴᠢᠭᠤᠯᠭ᠎ᠠ ᠪᠠᠷ ᠵᠢᠱᠢᠶᠡᠯᠡᠨ ᠦᠭᠦᠯᠡᠭᠰᠡᠨ ᠪᠠᠢᠨ᠎ᠠ᠃
Original Literature No Original Paper
出自 内蒙古民族大学学报(自然科学) 2015年 第2期

联系我们


内蒙古大学图书馆
呼和浩特市大学西路235号
中国·内蒙古
P: (0471) 4992561
E: huangfeilong@imu.edu.cn