Abstract |
ᠭᠡᠷ ᠪᠦᠯᠢ ᠶᠢᠨ ᠬᠦᠴᠦᠷᠬᠡᠭᠯᠡᠯ ᠨᠢ ᠪᠦᠬᠦ ᠳᠡᠯᠡᠬᠡᠢ ᠶᠢᠨ ᠴᠢᠨᠠᠷᠲᠠᠢ ᠠᠰᠠᠭᠤᠳᠠᠯ ᠪᠤᠯᠬᠤ ᠶᠤᠮ᠃ ᠭᠡᠷ ᠪᠦᠯᠢ ᠶᠢᠨ ᠬᠦᠴᠦᠷᠬᠡᠭᠯᠡᠯ ᠭᠡᠳᠡᠭ ᠨᠢ ᠭᠡᠷ ᠪᠦᠯᠢ ᠶᠢᠨ ᠪᠦᠷᠢᠯᠳᠦᠭᠦᠨ ᠦ ᠳᠤᠮᠳᠠ ᠡᠭᠦᠰᠦᠭᠰᠡᠨ ᠵᠤᠳᠤᠬᠤ᠂ ᠬᠦᠯᠢᠬᠦ᠂ ᠬᠤᠷᠢᠬᠤ ᠡᠰᠡᠭᠦᠯ᠎ᠡ ᠪᠤᠰᠤᠳ ᠠᠷᠭ᠎ᠠ ᠪᠠᠷᠢᠯ ᠢᠶᠠᠷ ᠭᠡᠷ ᠪᠦᠯᠢ ᠶᠢᠨ ᠪᠦᠷᠯᠳᠦᠭᠦᠨ ᠦ ᠪᠡᠶ᠎ᠡ ᠮᠠᠬᠠᠪᠤᠳ᠂ ᠤᠶᠤᠨ ᠰᠠᠨᠠᠭ᠎ᠠ ᠵᠡᠷᠭᠡ ᠲᠠᠯ ᠠ ᠪᠠᠷ ᠭᠡᠮᠲᠦᠭᠡᠬᠦ ᠦᠢᠯᠡ ᠠᠵᠢᠯᠯᠠᠭ᠎ᠠ ᠶᠢ ᠵᠢᠭᠠᠨ᠎ᠠ᠃ ᠭᠡᠷ ᠪᠦᠯᠢ ᠶᠢᠨ ᠬᠦᠴᠦᠷᠬᠡᠭᠯᠡᠯ ᠨᠢ ᠤᠷᠤᠭ ᠭᠡᠷ ᠪᠦᠯᠢ ᠶᠢᠨ ᠡᠶ᠎ᠡ ᠨᠠᠢᠷᠠᠮᠳᠠᠭᠤ ᠶᠢ ᠡᠪᠳᠡᠬᠦ ᠪᠡᠷ ᠪᠠᠷᠠᠬᠤ ᠦᠭᠡᠢ ᠭᠡᠷ ᠪᠦᠯᠢ ᠶᠢᠨ ᠪᠦᠷᠢᠯᠳᠦᠭᠦᠨ ᠦ ᠪᠡᠶ᠎ᠡ ᠮᠠᠬᠠᠪᠤᠳ᠂ ᠰᠡᠳᠬᠢᠴᠡ ᠶᠢ ᠨᠦᠯᠦᠭᠡᠯᠡᠳᠡᠭ᠃ ᠡᠭᠦᠨ ᠦ ᠲᠤᠬᠠᠢ ᠪᠤᠳᠠᠲᠠᠢ ᠲᠤᠭᠲᠠᠭᠠᠭᠰᠠᠨ ᠬᠠᠤᠯᠢ ᠲᠤᠭᠲᠠᠭᠠᠯ ᠨᠢ ᠮᠠᠰᠢ ᠣᠯᠠᠨ ᠳᠤᠳᠠᠭᠳᠠᠯ ᠲᠠᠢ ᠲᠠᠯ᠎ᠠ ᠣᠷᠤᠰᠢᠵᠤ ᠪᠠᠢᠳᠠᠭ᠃ ᠮᠠᠨ ᠤ ᠤᠯᠤᠰ ᠤᠨ ᠤᠷᠤᠭ ᠤᠨ ᠬᠠᠤᠯᠢ ᠳᠤ ᠭᠡᠷ ᠪᠦᠯᠢ ᠶᠢᠨ ᠬᠦᠴᠦᠷᠬᠡᠭᠯᠡᠯ ᠢ ᠴᠠᠭᠠᠵᠠᠯᠠᠬᠤ ᠲᠤᠬᠠᠢ ᠵᠦᠪᠬᠡᠨ ᠵᠠᠷᠴᠢᠮ ᠤᠨ ᠴᠢᠨᠠᠷᠲᠠᠢ ᠲᠤᠭᠲᠠᠭᠠᠯ ᠪᠠᠢᠳᠠᠭ᠃ |