Paper Information


Title ᠬᠣᠷᠴᠢᠨ ᠠᠮᠠᠨ ᠠᠶᠠᠯᠭ᠋ᠤᠨ ᠤ ᠡᠭᠡᠰᠢᠭ ᠠᠪᠢᠶᠠᠯᠠᠪᠤᠷᠢ ᠶᠢᠨ ᠣᠨᠴᠠᠯᠢᠭ
Creator ᠲᠤᠯᠭ᠋ᠠᠭ᠋ᠤᠷᠢ
Keyword
Abstract ᠬᠣᠷᠴᠢᠨ ᠠᠮᠠᠨ ᠠᠶᠠᠯᠭ᠋ᠤ ᠪᠤᠯ ᠦᠪᠦᠷ ᠮᠣᠩᠭᠤᠯ ᠤᠨ ᠵᠢᠷᠢᠮ ᠠᠢᠮᠠᠭ᠂ ᠬᠢᠩ᠋ᠭᠠᠨ ᠠᠢᠮᠠᠭ ᠤᠨ ᠣᠯᠠᠩᠭᠢ ᠮᠣᠩᠭᠤᠯᠴᠤᠳ ᠤᠨ ᠬᠡᠷᠡᠭᠯᠡᠵᠦ ᠪᠠᠢᠭ᠎ᠠ ᠬᠡᠯᠡ ᠠᠶᠠᠯᠭ᠋ᠤ ᠪᠤᠯᠤᠨ᠎ᠠ᠃ ᠲᠡᠷᠡ ᠨᠢ ᠭᠠᠵᠠᠷ ᠨᠤᠲᠤᠭ ᠤᠨ ᠰᠠᠭ᠋ᠤᠷᠢᠰᠢᠯ᠂ ᠠᠵᠤ ᠠᠬᠤᠢ᠂ ᠰᠤᠶᠤᠯ ᠤᠨ ᠬᠦᠭᠵᠢᠯ ᠵᠢᠴᠢ ᠪᠤᠰᠤᠳ ᠣᠷᠤᠨ ᠤ ᠮᠣᠩᠭᠤᠯᠴᠤᠳ ᠤᠨ ᠠᠮᠠᠨ ᠠᠶᠠᠯᠭ᠋ᠤ ᠪᠠ ᠬᠢᠲᠠᠳ ᠦᠨᠳᠦᠰᠦᠲᠡᠨ ᠦ ᠬᠡᠯᠡ ᠶᠠᠷᠢᠶᠠᠨ ᠤ ᠨᠦᠯᠦᠭᠡᠯᠡᠯ ᠢᠶᠡᠷ ᠠᠪᠢᠶᠠᠨ ᠤ ᠬᠤᠪᠢᠷᠠᠯ ᠤᠨ ᠣᠯᠠᠨ ᠲᠠᠯᠠᠲᠤ ᠴᠢᠨ᠋ᠠᠷ ᠢ ᠪᠦᠷᠢᠯᠳᠦᠭᠦᠯᠵᠦ᠂ ᠮᠣᠩᠭᠤᠯ ᠬᠡᠯᠡᠨ ᠦ ᠪᠤᠰᠤᠳ ᠠᠶᠠᠯᠭ᠋ᠤ᠂ ᠠᠮᠠᠨ ᠠᠶᠠᠯᠭ᠋ᠤ ᠠᠴᠠ ᠢᠯᠭ᠋ᠠᠭᠳᠠᠬᠤ ᠦᠪᠡᠷᠮᠢᠴᠡ ᠣᠨᠴᠠᠯᠢᠭ ᠲᠠᠢ ᠪᠤᠯᠤᠭᠰᠠᠨ ᠪᠠᠢᠳᠠᠭ᠃ ᠲᠤᠰ ᠦᠭᠦᠯᠡᠯ ᠳᠦ ᠬᠣᠷᠴᠢᠨ ᠠᠮᠠᠨ ᠠᠶᠠᠯᠭ᠋ᠤᠨ ᠤ ᠪᠤᠭ᠋ᠤᠨ᠋ᠢ ᠡᠭᠡᠰᠢᠭ᠂ ᠤᠷᠲᠤ ᠡᠭᠡᠰᠢᠭ᠂ ᠡᠭᠡᠰᠢᠭ ᠵᠤᠬᠢᠴᠠᠬᠤ ᠶᠤᠰᠤ ᠵᠡᠷᠭᠡ ᠶᠢ ᠪᠢᠴᠢᠭ ᠦᠨ ᠬᠡᠯᠡ ᠪᠤᠯᠤᠨ ᠮᠣᠩᠭᠤᠯ ᠬᠡᠯᠡᠨ ᠦ ᠪᠠᠷᠢᠮᠵᠢᠶ᠎ᠠ ᠠᠪᠢᠶ᠎ᠠ ᠲᠠᠢ ᠬᠠᠷᠢᠴᠠᠭ᠋ᠤᠯᠤᠨ ᠰᠢᠰᠲ᠋ᠧᠮᠲᠡᠢ ᠰᠤᠳᠤᠯᠤᠯᠭ᠎ᠠ ᠰᠢᠨᠵᠢᠯᠡᠭᠡ ᠬᠢᠵᠦ᠂ ᠲᠡᠳᠡᠭᠡᠷ ᠦᠨ ᠠᠪᠢᠶᠠᠯᠠᠪᠤᠷᠢ ᠪᠠ ᠡᠭᠡᠰᠢᠭ ᠵᠤᠬᠢᠴᠠᠬᠤ ᠶᠤᠰᠤᠨ ᠤ ᠦᠪᠡᠷᠮᠢᠴᠡ ᠣᠨᠴᠠᠯᠢᠭ ᠪᠦᠬᠦᠢ ᠵᠤᠢᠯ ᠤᠳ ᠢ ᠲᠤᠳᠤᠷᠠᠭ᠋ᠤᠯᠤᠨ ᠲᠠᠢᠯᠪᠤᠷᠢᠯᠠᠵᠤ᠂ ᠬᠣᠷᠴᠢᠨ ᠨᠤᠲᠤᠭ ᠤᠨ ᠮᠣᠩᠭᠤᠯᠴᠤᠳ ᠤᠨ ᠬᠡᠯᠡ ᠶᠠᠷᠢᠶ᠎ᠠ ᠪᠠᠨ ᠪᠠᠷᠢᠮᠵᠢᠶ᠎ᠠ ᠠᠪᠢᠶ᠎ᠠ ᠪᠠᠷ ᠳᠦᠷᠢᠮᠵᠢᠭᠦᠯᠬᠦ ᠳᠦ ᠲᠤᠰᠠᠯᠠᠮᠵᠢ ᠦᠵᠡᠭᠦᠯᠬᠦ ᠶᠢ ᠵᠤᠷᠢᠭᠰᠠᠨ ᠶᠤᠮ᠃
Original Literature No Original Paper
出自 内蒙古民族大学学报(社会科学) 1996年 第4期

联系我们


内蒙古大学图书馆
呼和浩特市大学西路235号
中国·内蒙古
P: (0471) 4992561
E: huangfeilong@imu.edu.cn