Paper Information


Title ᠴᠢᠩ ᠤᠯᠤᠰ ᠤᠨ ᠰᠡᠭᠦᠯᠴᠢ ᠦᠶ᠎ᠡ ᠳᠡᠬᠢ ᠪᠢᠩᠳᠤ ᠸᠠᠩ ᠤᠨ ᠬᠤᠰᠢᠭᠤ ᠪᠤᠯᠤᠨ ᠠᠷᠤ ᠬᠤᠷᠴᠢᠨ ᠬᠤᠰᠢᠭᠤᠨ ᠤ ᠭᠠᠵᠠᠷ ᠨᠤᠲᠤᠭ ᠪᠤᠯᠢᠶᠠᠯᠳᠤᠭᠰᠠᠨ ᠵᠠᠷᠭᠤ ᠶᠢᠨ ᠲᠤᠬᠠᠢ
Creator ᠨᠤᠭᠤᠨᠭᠡᠡᠯ
Keyword ᠪᠢᠩᠳᠤ ᠸᠠᠩ ᠤᠨ ᠬᠤᠰᠢᠭᠤ; ᠠᠷᠤ ᠬᠤᠷᠴᠢᠨ ᠬᠤᠰᠢᠭᠤ; ᠨᠢᠮᠠᠨ ᠶᠡᠬᠡ ᠡᠷᠦᠬᠡ; ᠬᠤᠸᠠᠩ ᠹᠦ᠋ ᠺᠦᠢ
Abstract ᠴᠢᠩ ᠤᠯᠤᠰ ᠤᠨ ᠰᠡᠭᠦᠯᠴᠢ ᠪᠠᠳᠠᠷᠠᠭᠤᠯᠲᠤ ᠲᠦᠷᠦ ᠶᠢᠨ ᠦᠶ᠎ᠡ ᠳᠦ ᠵᠠᠷᠢᠮ ᠤᠨ ᠴᠢᠭᠤᠯᠭᠠᠨ ᠤ ᠪᠢᠩᠳᠤ ᠸᠠᠩ ᠤᠨ ᠬᠤᠰᠢᠭᠤ ᠬᠢᠭᠡᠳ ᠵᠤᠤ ᠤᠳᠠ ᠶᠢᠨ ᠴᠢᠭᠤᠯᠭᠠᠨ ᠤ ᠠᠷᠤ ᠬᠤᠷᠴᠢᠨ ᠬᠤᠰᠢᠭᠤᠨ ᠤ ᠬᠤᠭᠤᠷᠤᠨᠳᠤ ᠡᠭᠦᠰᠦᠭᠰᠡᠨ ᠭᠠᠵᠠᠷ ᠨᠤᠲᠤᠭ ᠪᠤᠯᠢᠶᠠᠯᠳᠤᠭᠰᠠᠨ ᠵᠠᠷᠭᠤ ᠵᠠᠭᠠᠯᠳᠤᠯᠭ᠎ᠠ ᠨᠢ ᠵᠡᠭᠦᠨ ᠣᠷᠤᠨ ᠤ ᠵᠠᠰᠠᠭ ᠬᠤᠰᠢᠭᠤᠳ ᠤᠨ ᠬᠤᠭᠤᠷᠤᠨᠳᠤᠬᠢ ᠠᠯᠢ ᠣᠯᠠᠨ ᠭᠠᠵᠠᠷ ᠨᠤᠲᠤᠭ ᠪᠤᠯᠢᠶᠠᠯᠳᠤᠭᠰᠠᠨ ᠭᠡᠳᠡᠭ ᠶᠠᠪᠤᠳᠠᠯ ᠤᠨ ᠳᠤᠲᠤᠷᠠᠬᠢ ᠨᠢᠭᠡᠨ ᠨᠡᠯᠢᠶᠡᠳ ᠨᠡᠢ᠌ᠲᠡᠯᠢᠭ ᠴᠢᠨᠠᠷᠲᠠᠢ ᠵᠠᠷᠭᠤ ᠵᠠᠭᠠᠯᠳᠤᠯᠭ᠎ᠠ ᠪᠤᠯᠬᠤ ᠶᠤᠮ᠃ ᠲᠡᠷᠡ ᠨᠢ ᠯᠤᠳᠤ ᠶᠡᠬᠡ ᠬᠤᠪᠢᠰᠤᠯᠲᠠ ᠳᠤ ᠣᠷᠤᠰᠢᠵᠤ ᠪᠠᠢ᠌ᠭ᠎ᠠ ᠣᠷᠴᠢᠨ ᠦᠶ᠎ᠡ ᠶᠢᠨ ᠮᠣᠩ᠋ᠭᠤᠯ ᠤᠨ ᠨᠡᠢ᠌ᠭᠡᠮ ᠳᠦ ᠲᠤᠯᠭᠠᠷᠠᠭᠰᠠᠨ ᠤᠷᠢᠳ ᠡᠮᠦᠨ᠎ᠡ ᠭᠠᠷᠤᠭ᠎ᠠ ᠦᠭᠡᠢ ᠬᠢᠮᠦᠷᠡᠯ ᠢ ᠬᠠᠷᠠᠭᠤᠯᠤᠭᠰᠠᠨ ᠪᠠᠢ᠌ᠨ᠎ᠠ᠃ ᠦᠭᠦᠯᠡᠯ ᠳᠦ ᠭᠤᠤᠯᠳᠠᠭᠤ ᠯᠢᠶᠤᠤᠨᠢᠩ ᠮᠤᠵᠢ ᠶᠢᠨ ᠳᠠᠩᠰᠠ ᠡᠪᠬᠡᠮᠡᠯ ᠦᠨ ᠭᠠᠵᠠᠷ ᠲᠤ ᠬᠠᠳᠠᠭᠠᠯᠠᠵᠤ ᠪᠠᠢ᠌ᠭ᠎ᠠ ᠮᠣᠩ᠋ᠭᠤᠯ ᠬᠢᠲᠠᠳ ᠳᠠᠩᠰᠠ ᠡᠪᠬᠡᠮᠡᠯ ᠢ ᠠᠰᠢᠭᠯᠠᠵᠤ᠂ ᠲᠤᠰ ᠬᠡᠷᠡᠭ ᠶᠠᠪᠤᠳᠠᠯ ᠤᠨ ᠡᠭᠦᠰᠦᠭᠰᠡᠨ ᠰᠢᠯᠲᠠᠭᠠᠨ᠂ ᠦᠩᠭᠡᠷᠡᠯᠲᠡ ᠵᠢᠴᠢ ᠨᠦᠯᠦᠭᠡ ᠶᠢ ᠲᠤᠷᠰᠢᠨ ᠦᠭᠦᠯᠡᠪᠡ᠃
Original Literature View Original Paper
出自 内蒙古社会科学(蒙文版) 2010年 第5期

联系我们


内蒙古大学图书馆
呼和浩特市大学西路235号
中国·内蒙古
P: (0471) 4992561
E: huangfeilong@imu.edu.cn