Paper Information


Title ᠮᠠᠨ ᠦ ᠤᠷᠤᠨ ᠦ ᠬᠦᠳᠡᠭᠡ ᠲᠤᠰᠬᠤᠨ ᠮᠠᠯᠵᠢᠬᠤ ᠣᠷᠣᠨ ᠦ ᠰᠤᠶᠤᠯ  ᠤᠨ ᠪᠠᠢ᠌ᠭᠤᠯᠤᠯᠲᠠ ᠶᠢᠨ ᠲᠤᠬᠠᠢ ᠪᠤᠳᠤᠯᠬᠢᠯᠠᠯ
Creator ᠭᠡᠷᠡᠯᠴᠡᠴᠡᠭ
Keyword ᠬᠦᠳᠡᠭᠡ ᠲᠤᠰᠬᠤᠨ ᠮᠠᠯᠵᠢᠬᠤ ᠣᠷᠣᠨ ᠦ ᠰᠤᠶᠤᠯ  ᠤᠨ ᠪᠠᠢ᠌ᠭᠤᠯᠤᠯᠲᠠ ; ᠤᠳᠤᠬᠢ ᠪᠠᠢ᠌ᠳᠠᠯ᠋ ᠭᠦᠭ᠍ᠵᠢᠭᠦᠯᠬᠦ ᠠᠷᠭ᠎ᠠ ᠪᠤᠳᠤᠯᠭ᠎ᠠ
Abstract ᠮᠠᠨ ᠦ ᠤᠷᠤᠨ ᠦ ᠬᠦᠳᠡᠭᠡ ᠲᠤᠰᠬᠤᠨ ᠮᠠᠯᠵᠢᠬᠤ ᠣᠷᠣᠨ ᠦ ᠰᠤᠶᠤᠯ  ᠤᠨ ᠪᠠᠢ᠌ᠭᠤᠯᠤᠯᠲᠠ ᠶᠢᠨ ᠳᠤᠮᠳᠠ ᠭᠡᠰᠡᠭ ᠺᠠᠳ᠋ᠷᠴᠤᠤᠨ ᠠᠵᠤ ᠠᠬᠤᠢ ᠶᠢᠨ ᠪᠦᠳᠦᠭᠡᠨ ᠪᠠᠢ᠌ᠭᠤᠯᠤᠯᠲᠠ ᠶᠢ ᠯᠠ ᠴᠢᠬᠤᠯᠠᠴᠢᠯᠠᠭᠠᠳ᠂ ᠰᠤᠶᠤᠯ  ᠤᠨ ᠪᠠᠢ᠌ᠭᠤᠯᠤᠯᠲᠠ ᠶᠢ ᠤᠮᠳᠤᠭᠠᠢ᠌ᠯᠠᠬᠤ᠂ ᠮᠠᠯᠴᠢᠨ ᠲᠠᠷᠢᠶᠠᠴᠢᠨ ᠦ ᠬᠡᠪ ᠴᠢᠨᠠᠷ ᠲᠦᠭᠡᠮᠡᠯ ᠲᠤᠤᠷ ᠠ ᠪᠠᠢ᠌ᠬᠤ ᠪᠠ ᠵᠢᠵᠢᠭ ᠲᠠᠷᠢᠶᠠᠴᠢᠨ ᠦ ᠦᠵᠡᠯ ᠤᠬᠠᠮᠰᠠᠷ ᠨᠢ ᠹᠸᠦᠳᠡᠯ ᠤᠨ ᠮᠤᠬᠤᠷ ᠪᠢᠰᠢᠷᠡᠯ ᠤᠨ ᠤᠯᠠᠢ᠌ᠷᠠᠯ ᠪᠠ ᠱᠠᠰᠢᠨ ᠰᠤᠷᠳᠠᠬᠤᠨ ᠦ ᠬᠦᠳᠡᠯᠭᠡᠭᠡᠨ ᠦ ᠳᠡᠯᠭᠡᠷᠡᠬᠦ ᠶᠢ ᠡᠭᠦᠰᠭᠡᠵᠦ᠂ ᠰᠤᠶᠤᠯ  ᠤᠨ ᠪᠠᠢ᠌ᠭᠤᠯᠤᠯᠲᠠ  ᠶᠢ ᠰᠤᠯᠠᠷᠠᠭᠤᠯᠵᠤ ᠪᠠᠢ᠌ᠬᠤ ᠪᠠ ᠠᠵᠤ ᠠᠬᠤᠢ  ᠬᠤᠴᠤᠷᠤᠩᠭ᠋ᠤᠢ ᠪᠠᠢ᠌ᠬᠤ ᠨᠢ ᠬᠦᠳᠡᠭᠡ ᠲᠤᠰᠬᠤᠨ ᠮᠠᠯᠵᠢᠬᠤ ᠣᠷᠣᠨ ᠦ ᠰᠤᠶᠤᠯ  ᠤᠨ ᠲᠤᠨᠤᠭ ᠳᠦᠭᠦᠭᠡᠷᠦᠮᠵᠢ  ᠶᠢᠨ ᠪᠦᠳᠦᠭᠡᠨ ᠪᠠᠢ᠌ᠭᠤᠯᠤᠯᠲᠠ ᠶᠢ ᠤᠲᠠᠭᠠᠰᠢᠷᠠᠭᠤᠯᠵᠤ ᠪᠠᠢ᠌ᠬᠤ ᠵᠡᠷᠭᠡ ᠠᠰᠠᠭᠤᠳᠠᠯ ᠤᠷᠤᠰᠢᠵᠤ ᠪᠤᠢ᠃ ᠡᠳᠡᠭᠡᠷ ᠠᠰᠠᠭᠤᠳᠠᠯ ᠳᠤ ᠴᠢᠭᠯᠡᠭᠦᠯᠵᠦ᠂ ᠨᠢᠭᠡ ᠲᠠᠯ ᠠ ᠪᠠᠷ ᠦᠨᠳᠦᠰᠦᠨ ᠱᠠᠳᠤᠨ ᠦ ᠨᠠᠮ ᠤᠨ ᠪᠦᠳᠦᠭᠡᠨ ᠪᠠᠢ᠌ᠭᠤᠯᠤᠯᠲᠠ ᠶᠢ ᠴᠢᠩᠭ᠋ ᠠ ᠠᠳᠬᠤᠵᠤ᠂ ᠬᠦᠳᠡᠭᠡ ᠲᠤᠰᠬᠤᠨ ᠮᠠᠯᠵᠢᠬᠤ ᠣᠷᠣᠨ ᠦ ᠰᠤᠶᠤᠯ  ᠤᠨ ᠪᠠᠢ᠌ᠭᠤᠯᠤᠯᠲᠠ ᠳᠡᠬᠢ ᠵᠢᠯᠤᠭᠤᠳᠬᠤ ᠦᠢᠯᠡᠳᠦᠯ ᠢ ᠴᠢᠩᠭ᠋ᠠᠳᠬᠠᠬᠤ ᠶᠢᠨ ᠬᠠᠮᠲᠤ ᠲᠠᠷᠢᠶᠠᠴᠢᠨ ᠮᠠᠯᠴᠢᠳ ᠤᠨ ᠬᠠᠤᠯᠢ ᠲᠦᠷᠢᠮ ᠤᠨ ᠬᠥᠮᠥᠵᠢᠯ ᠢ ᠴᠢᠩᠭ᠋ᠠᠳᠬᠠᠵᠤ᠂ ᠬᠦᠳᠡᠭᠡ ᠳᠤᠰᠬᠠᠤᠨ ᠮᠠᠯᠵᠢᠬᠤ ᠤᠷᠤᠨ ᠦ ᠠᠮᠤᠷ ᠲᠦᠪᠰᠢᠨ ᠦ ᠠᠵᠢᠯ ᠢ ᠰᠠᠢ᠌ᠳᠤᠷ ᠬᠢᠵᠦ ᠶᠡᠷᠦᠩᠬᠡᠢ᠌ᠯᠠᠨ ᠵᠠᠰᠠᠬᠤ ᠭᠡᠷᠡᠭᠳᠡᠢ᠂ ᠡᠭᠦᠨ ᠦ ᠬᠠᠮᠲᠤ ᠭᠠᠵᠠᠷ ᠤᠷᠤᠨ ᠦ ᠪᠤᠳᠠᠳᠤ ᠪᠠᠢ᠌ᠳᠠᠯ ᠳᠠᠭᠠᠨ ᠲᠤᠬᠢᠷᠠᠭᠤᠯᠤᠨ ᠠᠵᠤ ᠠᠬᠤᠢ ᠪᠡᠨ ᠬᠦᠭ᠍ᠵᠢᠭᠦᠯᠵᠦ᠂ ᠪᠤᠳᠠᠰ ᠤᠨ ᠪᠤᠯᠪᠠᠰᠤᠨ ᠦ ᠪᠠᠢ᠌ᠭᠤᠯᠤᠯᠲᠠ ᠪᠠᠷ  ᠰᠤᠶᠤᠯ  ᠤᠨ ᠪᠠᠢ᠌ᠭᠤᠯᠤᠯᠲᠠ  ᠶᠢ ᠲᠠᠢ᠌ᠴᠢᠯᠠᠨ ᠠᠬᠢᠭᠤᠯᠬᠤ ᠭᠡᠷᠡᠭᠳᠠᠢ᠃
Original Literature View Original Paper
出自 内蒙古师范大学学报 2006年 第4期

联系我们


内蒙古大学图书馆
呼和浩特市大学西路235号
中国·内蒙古
P: (0471) 4992561
E: huangfeilong@imu.edu.cn