Paper Information


Title ᠲᠤᠭᠠᠨ ᠤ ᠤᠬᠠᠭᠠᠨ ᠤ ᠬᠢᠴᠢᠶᠡᠯ ᠪᠡᠯᠡᠳᠭᠡᠬᠦ ᠪᠦᠲᠦᠴᠡ ᠶᠢᠨ ᠲᠤᠬᠠᠢ ᠲᠤᠷᠰᠢᠨ ᠦᠭᠦᠯᠡᠬᠦ ᠨᠢ
Creator ᠠᠯᠳᠠᠨᠳᠠᠷᠢ; ᠳᠠᠢ᠌ᠴᠢᠨ
Keyword ᠳᠤᠮᠳᠠᠳᠤ ᠪᠠᠭ᠎ᠠ ᠰᠤᠷᠭᠠᠭᠤᠯᠢ ᠶᠢᠨ ᠲᠤᠭᠠᠨ ᠤ ᠤᠬᠠᠭᠠᠨ ᠤ ᠬᠢᠴᠢᠶᠡᠯ ᠪᠡᠯᠡᠳᠭᠡᠬᠦ; ᠵᠢᠷᠭᠤᠭᠠᠨ ᠡᠰᠢᠲᠦ ᠨᠢᠭᠡ ᠴᠤᠭᠴᠠ ᠶᠢᠨ ᠪᠦᠲᠦᠴᠡ
Abstract ᠲᠤᠭᠠᠨ ᠤ ᠤᠬᠠᠭᠠᠨ ᠤ ᠬᠢᠴᠢᠶᠡᠯ ᠲᠦᠷᠦᠯ ᠨᠢ ᠳᠤᠮᠳᠠᠳᠤ ᠪᠠᠭ᠎ᠠ ᠰᠤᠷᠭᠠᠭᠤᠯᠢ ᠶᠢᠨ ᠭᠤᠤᠯ ᠰᠤᠷᠬᠤ ᠬᠢᠴᠢᠶᠡᠯ ᠲᠦᠷᠦᠯ ᠪᠤᠯᠬᠤ ᠮᠦᠷᠲᠡᠭᠡᠨ ᠰᠤᠷᠤᠭᠴᠢᠳ ᠴᠠᠭᠠᠰᠢᠲᠠ ᠰᠤᠷᠤᠯᠴᠠᠬᠤ ᠶᠢᠨ ᠰᠠᠭᠤᠷᠢ ᠪᠤᠯᠬᠤ ᠪᠦᠭᠡᠳ ᠮᠦᠨ ᠴᠦ ᠰᠤᠷᠤᠭᠴᠢᠳ ᠤᠨ ᠰᠤᠷᠤᠯᠴᠠᠬᠤ ᠬᠦᠴᠢᠷᠳᠡᠯᠭᠡ ᠮᠦᠨ᠃ ᠡᠢ᠌ᠮᠦ ᠡᠴᠡ᠂ ᠲᠤᠭᠠᠨ ᠤ ᠤᠬᠠᠭᠠᠨ ᠤ ᠬᠢᠴᠢᠶᠡᠯ ᠪᠡᠯᠡᠳᠭᠡᠬᠦ ᠨᠢ ᠪᠠᠭᠰᠢ ᠶᠢᠨ ᠴᠢᠨᠠᠷ ᠰᠠᠢ᠌ᠲᠠᠢ ᠬᠢᠴᠢᠶᠡᠯ ᠣᠷᠤᠬᠤ ᠶᠢᠨ ᠦᠨᠳᠦᠰᠦᠨ ᠪᠠᠲᠤᠯᠠᠭ᠎ᠠ ᠪᠤᠯᠬᠤ ᠪᠦᠭᠡᠳ ᠰᠤᠷᠤᠭᠴᠢᠳ ᠤᠨ ᠰᠤᠷᠤᠯᠴᠠᠯᠭ᠎ᠠ ᠳᠤ ᠠᠭᠢᠭᠤᠯᠬᠤ ᠦᠢᠯᠡᠳᠦᠯ ᠦᠵᠡᠭᠦᠯᠬᠦ ᠴᠢᠬᠤᠯᠠ ᠠᠵᠢᠯ ᠪᠤᠯᠬᠤ ᠶᠤᠮ᠃ ᠵᠤᠬᠢᠶᠠᠭᠴᠢ ᠣᠯᠠᠨ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠢ᠌ᠷᠡᠵᠦ ᠲᠤᠭᠠᠨ ᠤ ᠤᠬᠠᠭᠠᠨ ᠤ ᠬᠢᠴᠢᠶᠡᠯ ᠦᠨ ᠲᠠᠩᠬᠢᠮ ᠤᠨ ᠪᠤᠳᠠᠲᠤ ᠪᠠᠢ᠌ᠳᠠᠯ ᠢ ᠣᠢ᠌ᠯᠠᠭᠠᠭᠰᠠᠨ ᠪᠠ ᠶᠠᠫᠤᠨ ᠤ ᠲᠤᠭᠠᠨ ᠤ ᠤᠬᠠᠭᠠᠨ ᠤ ᠬᠢᠴᠢᠶᠡᠯ ᠦᠨ ᠳᠠᠩᠬᠢᠮ ᠤᠨ ᠵᠢᠭᠠᠨ ᠰᠤᠷᠭᠠᠯᠲᠠ ᠶᠢ ᠰᠤᠷᠤᠯᠵᠤ ᠰᠤᠳᠤᠯᠤᠭᠰᠠᠨ ᠤ ᠰᠠᠭᠤᠷᠢᠨ ᠳᠡᠭᠡᠷ᠎ᠡ᠂ ᠣᠳᠣ ᠦᠶ᠎ᠡ ᠶᠢᠨ ᠵᠢᠭᠠᠨ ᠰᠤᠷᠭᠠᠯᠲᠠ ᠶᠢᠨ ᠪᠤᠳᠠᠲᠤ ᠪᠠᠢ᠌ᠳᠠᠯ ᠵᠢᠴᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ 《ᠵᠢᠭᠠᠬᠤ ᠮᠠᠲ᠋ᠧᠷᠢᠶᠠᠯ ᠢ ᠪᠡᠯᠡᠳᠭᠡᠬᠦ》᠂ 《ᠰᠤᠷᠤᠭᠴᠢ ᠶᠢ ᠪᠡᠯᠡᠳᠭᠡᠬᠦ》᠂ 《ᠪᠠᠭᠰᠢ ᠶᠢ ᠪᠡᠯᠡᠳᠭᠡᠬᠦ》᠂ 《ᠵᠢᠭᠠᠬᠤ ᠠᠷᠭ᠎ᠠ ᠶᠢ ᠪᠡᠯᠡᠳᠭᠡᠬᠦ》᠂ 《ᠰᠤᠷᠤᠯᠴᠠᠬᠤ ᠠᠷᠭ᠎ᠠ ᠶᠢ ᠪᠡᠯᠡᠳᠭᠡᠬᠦ》᠂ 《ᠣᠷᠴᠢᠨ ᠲᠤᠭᠤᠷᠢᠨ ᠢ ᠪᠡᠯᠡᠳᠭᠡᠬᠦ》ᠵᠡᠷᠭᠡ ᠵᠢᠷᠭᠤᠭᠠᠨ ᠡᠰᠢᠲᠦ ᠨᠢᠭᠡ ᠴᠤᠭᠴᠠ ᠶᠢᠨ ᠬᠢᠴᠢᠶᠡᠯ ᠪᠡᠯᠡᠳᠭᠡᠬᠦ ᠪᠦᠲᠦᠴᠡ ᠶᠢ ᠳᠤᠷᠠᠳᠤᠨ ᠭᠠᠷᠭᠠᠪᠠ᠃
Original Literature View Original Paper
出自 内蒙古民族大学学报(自然科学) 2013年 第2期

联系我们


内蒙古大学图书馆
呼和浩特市大学西路235号
中国·内蒙古
P: (0471) 4992561
E: huangfeilong@imu.edu.cn