Paper Information


Title ᠣᠶᠤᠨ ᠤ ᠲᠡᠵᠢᠭᠡᠯ ᠢ ᠦᠢᠯᠡᠳᠪᠦᠷᠢᠯᠡᠭᠴᠢ— ᠬᠡᠪᠯᠡᠯ ᠨᠠᠢᠢᠷᠠᠭᠤᠯᠤᠭᠴᠢ ᠠᠵᠢᠯ ᠤᠨ ᠠᠴᠢᠶᠠᠨ ᠤ ᠬᠦᠨᠳᠦ ᠵᠢ ᠡᠭᠦᠷᠭᠡᠯᠡᠵᠦ ᠪᠦᠬᠦᠢ ᠬᠠᠷᠢᠭᠤᠴᠠᠭᠰᠠᠨ ᠨᠠᠢᠢᠷᠠᠭᠤᠯᠤᠭᠴᠢ ᠶᠢᠨ ᠭᠠᠪᠢᠶᠠᠳᠤ ᠦᠢᠯᠡᠰ ᠢ ᠦᠨᠡᠯᠡᠬᠦ ᠨᠢ
Creator ᠮ᠂ᠲᠤᠭᠳᠠᠬᠤ
Keyword ᠣᠶᠤᠨ ᠤ ᠲᠡᠵᠢᠭᠡᠯ ᠢ ᠦᠢᠯᠡᠳᠪᠦᠷᠢᠯᠡᠭᠴᠢ;ᠨᠠᠢᠢᠷᠠᠭᠤᠯᠵᠤ ᠬᠡᠪᠯᠡᠬᠦᠯᠬᠦ ᠠᠵᠢᠯ; ᠬᠠᠷᠲᠢᠭᠤᠴᠠᠭᠰᠠᠨ ᠨᠠᠢᠢᠷᠠᠭᠤᠯᠤᠭᠴᠢ ᠶᠢᠨ ᠲᠤᠰᠤᠯ ᠬᠦᠯᠦᠰᠦ; ᠭᠠᠪᠢᠶᠠᠲᠦ ᠦᠢᠯᠠᠰ
Abstract ᠬᠠᠷᠢᠭᠤᠴᠠᠭᠰᠠᠨ ᠨᠠᠢᠢᠷᠠᠭᠤᠯᠭᠴᠢ ᠪᠣᠯ ᠣᠶᠤᠨ ᠤ ᠲᠡᠵᠢᠭᠡᠯ ᠤᠨ ᠦᠢᠯᠡᠳᠪᠦᠷᠢᠯᠡᠭᠴᠢ᠂ ᠰᠣᠶᠣᠯ ᠤᠨ ᠪᠦᠲᠦᠭᠡᠭ᠍ᠳᠡᠬᠦᠨ ᠤ ᠬᠢᠷᠢ ᠴᠢᠨᠠᠷ ᠢ ᠬᠠᠷᠢᠭᠤᠴᠠᠭᠴᠢ᠂ ᠲᠠᠪᠰᠢᠩᠭ᠋ᠤᠢ ᠰᠣᠶᠣᠯ ᠤᠨ ᠤᠯᠠᠮᠵᠢᠯᠠᠭᠴᠢ᠂ᠬᠡᠪᠯᠡᠯ ᠤᠨ ᠦᠢᠯᠡᠰ ᠤᠨ ᠬᠤᠰᠢᠭᠤᠴᠢᠯᠠᠭᠴᠢ᠂ ᠨᠡᠢᠢᠭᠡᠮ ᠤᠨ ᠪᠣᠯᠪᠠᠰᠤᠨ ᠤ ᠪᠠᠢᠢᠭᠤᠯᠤᠭᠴᠢ ᠪᠣᠯᠬᠤ ᠪᠡᠷ ᠪᠠᠷᠠᠬᠤ ᠦᠬᠡᠢ ᠬᠣᠪᠢ ᠬᠦᠮᠦᠨ ᠤ ᠲᠤᠰᠠᠭᠠᠷ ᠣᠷᠤᠰᠢᠬᠤ ᠣᠶᠤᠨ ᠤ ᠪᠦᠲᠦᠭᠡᠭᠳᠡᠬᠦᠨ ᠢ ᠤᠠᠯᠨ ᠲᠠᠶᠠᠭᠠᠷ ᠡᠳ᠋ᠯᠡᠵᠦ ᠬᠦᠷᠳᠡᠭᠡᠳᠡᠭ ᠣᠶᠤᠨ ᠤ ᠲᠡᠵᠢᠭᠡᠯ ᠪᠣᠯᠭᠠᠨ ᠬᠤᠪᠢᠷᠠᠭᠤᠯᠳᠠᠭ ᠰᠢᠭᠤᠳ ᠬᠦᠳᠡᠯᠮᠦᠷᠢᠴᠢᠨ ᠮᠦᠨ᠃ ᠲᠡᠳᠡ ᠨᠡᠢᠢᠭᠡᠮ ᠢ ᠲᠦᠯᠦᠭᠡᠯᠡᠵᠦ ᠰᠣᠶᠣᠯ ᠤᠨ ᠰᠤᠩᠭᠤᠯᠲᠠ ᠬᠢᠬᠦ ᠪᠠ ᠡᠬᠡ ᠪᠢᠴᠢᠭ᠌ ᠨᠠᠢᠢᠷᠠᠭᠤᠯᠤᠨ ᠪᠣᠯᠪᠠᠰᠤᠷᠠᠭᠤᠯᠬᠤ ᠳ᠋ᠠᠭᠠᠨ ᠲᠤᠰᠤᠯ ᠬᠦᠯᠦᠰᠦ ᠪᠠᠨ ᠰᠣᠳᠤᠨ ᠪᠦᠭᠦᠭᠡᠯ ᠭᠠᠷᠭᠠᠬᠤ ᠶᠢᠨ ᠲᠦᠯᠦᠭᠡ ᠰᠢᠪᠬᠠᠳᠠᠭ᠃ ᠬᠠᠷᠢᠭᠤᠴᠠᠭᠰᠠᠨ ᠨᠠᠢᠢᠷᠠᠭᠤᠯᠤᠭᠴᠢ ᠶᠢᠨ ᠤᠯᠤᠰ ᠦᠨᠳᠦᠰᠦᠲᠡᠨ ᠳ᠋ᠡᠭᠡᠨ ᠬᠠᠳᠢᠪᠯᠠᠵᠤ ᠪᠠᠢᠢᠭ᠋ ᠠ ᠨᠢ ᠤᠶᠣᠨ ᠤ ᠬᠡᠪᠯᠡᠭᠳᠡᠬᠨ ᠢᠢᠡᠷ ᠤᠯᠠᠮᠵᠢᠯᠠᠭᠳᠠᠨ ᠦᠵᠡᠯ ᠰᠠᠨᠠᠭᠠᠨ ᠤ ᠣᠨᠤᠯ᠂ ᠰᠢᠨᠵᠢᠯᠡᠬᠦ ᠤᠬᠠᠭᠠᠨ᠂ ᠲᠧᠭᠨᠢᠭ ᠮᠡᠷᠭᠡᠵᠢᠯ᠂ ᠰᠣᠶᠣᠯ ᠮᠡᠳᠡᠯᠭᠡ ᠪᠠᠢᠢᠵᠤ᠂ ᠲᠡᠳᠡᠨ ᠤ ᠲᠤᠰᠦᠯ ᠬᠦᠯᠦᠰᠦ ᠪᠣᠯ ᠪᠦᠷ ᠡᠭᠦᠳᠦᠨ ᠪᠦᠲᠦᠭᠡᠯᠲᠠ ᠶᠢᠨ ᠴᠢᠨᠠᠷ ᠲᠠᠢ ᠬᠦᠳᠡᠯᠮᠦᠷᠢ ᠪᠣᠯᠤᠨ᠌ ᠠ᠃
Original Literature View Original Paper
出自 内蒙古民族大学学报(社会科学) 2013年 第2期

联系我们


内蒙古大学图书馆
呼和浩特市大学西路235号
中国·内蒙古
P: (0471) 4992561
E: huangfeilong@imu.edu.cn