Paper Information


Title ᠬᠦᠯᠦᠨ ᠪᠤᠢ᠋ᠷ ᠲᠡᠭᠡᠳᠤ ᠰᠤᠷᠭᠠᠭᠤᠯᠢ ᠶᠢᠨ ᠡᠪᠤᠯ ᠤᠨ ᠤᠯᠠᠷᠢᠯ ᠤᠨ ᠪᠡᠶ᠎ᠡ ᠲᠠᠮᠢᠷ ᠤᠨ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢᠨ ᠬᠠᠨᠳᠤᠰᠢ
Creator ᠲᠠᠰᠢᠰᠦ᠋ᠷᠦᠩ
Keyword ᠬᠦᠯᠦᠨ ᠪᠤᠢ᠋ᠷ ᠲᠡᠭᠡᠳᠤ ᠰᠤᠷᠭᠠᠭᠤᠯᠢ; ᠡᠪᠤᠯ ᠤᠨ ᠤᠯᠠᠷᠢᠯ ᠤᠨ ᠪᠡᠶ᠎ᠡ ᠲᠠᠮᠢᠷ; ᠵᠢᠭᠠᠨ ᠰᠤᠷᠭᠠᠯᠳᠠ ᠶᠢ ᠦᠭᠡᠷᠡᠴᠢᠯᠡᠯᠳᠡ; ᠬᠠᠨᠳᠤᠰᠢ
Abstract ᠡᠪᠤᠯ ᠤᠨ ᠤᠯᠠᠷᠢᠯ ᠤᠨ ᠪᠡᠶ᠎ᠡ ᠲᠠᠮᠢᠷ ᠤᠨ ᠵᠢᠭᠠᠨ ᠰᠤᠷᠭᠠᠯᠳᠠ ᠪᠤᠯ ᠬᠦᠯᠦᠨ ᠪᠤᠢ᠋ᠷ ᠲᠡᠭᠡᠳᠤ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠬᠠᠷᠠᠯᠳᠠ ᠪᠠᠨ ᠪᠠᠶᠠᠯᠠᠬᠦᠯᠬᠦ ᠴᠢᠬᠤᠯᠠ ᠠᠷᠭ᠎ᠠ ᠵᠠᠮ ᠤᠨ ᠨᠢᠭᠡ ᠮᠦᠨ᠃ ᠠᠰᠠᠭᠤᠬᠤ ᠬᠠᠭᠤᠳᠠᠰᠤ ᠶᠢᠨ ᠪᠠᠢ᠋ᠴᠠᠭᠠᠯᠳᠠ ᠪᠤᠯᠤᠨ ᠰᠤᠷᠪᠤᠯᠵᠢ ᠮᠠᠲ᠋ᠸᠷᠢᠶᠠᠯ ᠡᠴᠨ ᠬᠠᠢ᠋ᠬᠤ ᠵᠠᠷᠭᠡ ᠠᠷᠭ᠎ᠠ ᠪᠠᠷᠢᠯ ᠶᠢᠡᠷ ᠬᠦᠨᠵᠡᠬᠡᠢ ᠵᠠᠳᠠᠯᠤᠨ ᠰᠤᠳᠤᠯᠤᠯᠳᠠ ᠬᠢᠬᠦ ᠪᠠᠷ ᠲᠠᠮᠵᠢᠨ᠂ ᠬᠦᠯᠦᠨ ᠪᠤᠢ᠋ᠷ ᠲᠡᠭᠡᠳᠤ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠳᠠ ᠳᠤ ᠬᠢ ᠰᠤᠷᠤᠭᠴᠢᠳ ᠤᠨ ᠪᠤᠯᠪᠠᠰᠤᠷᠠᠬᠤ ᠤᠬᠠᠮᠰᠠᠷ ᠪᠠᠯᠷᠬᠠᠢ᠂ ᠡᠪᠤᠯ ᠤᠨ ᠤᠯᠠᠷᠢᠯ ᠳᠤ ᠪᠡᠶ᠎ᠡ ᠲᠠᠮᠢᠷ ᠤᠨ ᠬᠢᠴᠢᠶᠠᠯ ᠳᠤ ᠤᠷᠤᠯᠴᠠᠬᠤ ᠰᠠᠢ᠋ᠨ ᠲᠠᠳᠬᠠᠯ ᠪᠦᠷᠢᠳᠤᠭᠡ ᠦᠭᠡᠢ ᠵᠢ ᠮᠡᠳᠡᠵᠡᠢ᠃ ᠡᠪᠤᠯ ᠤᠨ ᠤᠯᠠᠷᠢᠯ ᠳᠤ ᠪᠡᠶ᠎ᠡ ᠲᠠᠮᠢᠷ ᠤᠨ ᠵᠢᠭᠠᠨ ᠰᠤᠷᠭᠠᠯᠳᠠ ᠶᠢᠨ ᠠᠭᠤᠯᠭ᠎ᠠ ᠪᠤᠯᠤᠨ ᠵᠤᠬᠢᠶᠠᠨ ᠪᠠᠢ᠋ᠭᠤᠯᠤᠯᠳᠠ ᠴᠤᠯᠭᠤᠢ᠂ ᠨᠡᠰᠤᠨ ᠲᠤᠷᠰᠢᠳᠡ ᠳᠤ ᠪᠡᠶ᠎ᠡ ᠲᠠᠮᠢᠷ ᠲᠤ ᠤᠷᠤᠯᠴᠠᠬᠤ ᠦᠵᠡᠯ ᠰᠠᠨᠠᠭ᠎ᠠ ᠵᠢ ᠬᠦᠯᠢᠶᠡᠨ ᠠᠪᠬᠤ ᠳᠤ ᠬᠦᠴᠢᠷ ᠪᠠᠢ᠋ᠬᠤ ᠮᠦᠷᠳᠡᠭᠡᠨ ᠲᠠᠯᠠᠪᠡᠢ᠂ ᠲᠤᠨᠤᠭ ᠲᠦᠬᠦᠭᠡᠷᠤᠮᠵᠢ ᠲᠤᠳᠠᠭᠳᠠᠵᠦ᠂ ᠵᠢᠭᠠᠨ ᠰᠤᠷᠭᠠᠯᠳᠠ ᠶᠢᠨ ᠤᠷᠴᠢᠨ ᠠᠨᠠᠢ ᠵᠠᠷᠭᠡ ᠪᠤᠳᠠᠳᠤ ᠪᠠᠢ᠋ᠳᠠᠯ ᠤᠷᠤᠰᠢᠵᠦ ᠪᠤᠢ᠃ ᠵᠤᠬᠢᠶᠠᠯ ᠳᠤ᠂ ᠡᠪᠤᠯ ᠤᠨ ᠤᠯᠠᠷᠢᠯ ᠤᠨ ᠪᠡᠶ᠎ᠡ ᠲᠠᠮᠢᠷ ᠤᠨ ᠵᠢᠭᠠᠨ ᠰᠤᠷᠭᠠᠬᠤ ᠦᠵᠡᠯᠳᠡ ᠵᠢ ᠲᠤᠷᠠᠳᠴᠦ᠂ ᠰᠤᠷᠤᠭᠴᠢᠳ ᠲᠤ ᠨᠠᠰᠤᠨ ᠲᠤᠷᠰᠢᠳᠡ ᠪᠡᠶ᠎᠎ᠡ ᠲᠠᠮᠢᠷ ᠢ ᠬᠦᠨᠳᠤᠳᠭᠡᠬᠦ ᠤᠬᠠᠨᠮᠰᠠᠷ ᠪᠤᠯᠤᠨ ᠲᠠᠳᠬᠠᠯ ᠢ ᠬᠦᠮᠦᠵᠢᠬᠦᠯᠬᠦ ᠪᠡᠷ ᠵᠤᠷᠢᠯᠭ᠎ᠠ ᠪᠠᠨ ᠪᠤᠯᠭᠠᠭᠰᠠᠨ ᠪᠠᠢ᠋ᠨ᠎ᠠ᠃ ᠤᠳᠤᠬᠠᠨ ᠤ ᠬᠡᠷᠡᠭᠵᠢᠬᠦᠯᠵᠦ ᠪᠠᠢ᠋ᠭ᠎ᠠ ᠪᠡᠶ᠎ᠡ ᠲᠠᠮᠢᠷ ᠤᠨ ᠵᠢᠭᠠᠨ ᠰᠤᠷᠭᠠᠯᠳᠠ ᠶᠢᠨ ᠠᠭᠤᠯᠭ᠎ᠠ᠂ ᠵᠤᠬᠢᠶᠠᠨ ᠪᠠᠢᠭᠤᠯᠤᠯᠳᠠ ᠪᠤᠯᠤᠨ ᠬᠢᠨᠡᠨ ᠦᠨᠡᠯᠡᠬᠦ ᠰᠢᠰᠲ᠋ᠸᠮ ᠢ ᠦᠭᠡᠷᠡᠴᠢᠯᠡᠵᠦ᠂ ᠡᠪᠤᠯ ᠤᠨ ᠤᠯᠠᠷᠢᠯ ᠤᠨ ᠪᠡᠶ᠎ᠡ ᠲᠠᠮᠢᠷ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠡᠬᠢ ᠪᠠᠶᠠᠯᠢᠭ ᠢ ᠪᠦᠷᠢᠨ ᠠᠰᠢᠭᠯᠠᠵᠦ᠂ ᠵᠢᠭᠠᠨ ᠰᠤᠷᠭᠠᠬᠤ ᠲᠠᠯᠠᠪᠡᠢ᠂ ᠲᠤᠨᠤᠭ ᠲᠦᠬᠦᠭᠡᠷᠤᠮᠵᠢ ᠶᠢᠨ ᠪᠦᠳᠤᠭᠡᠨ ᠪᠠᠢ᠋ᠭᠤᠯᠤᠯᠳᠠ ᠵᠢ ᠴᠢᠩᠭ᠋ᠠᠳᠭᠠᠵᠦ᠂ ᠡᠪᠤᠯ ᠤᠨ ᠤᠯᠠᠷᠢᠯ ᠤᠨ ᠪᠡᠶ᠎ᠡ ᠲᠠᠮᠢᠷ ᠤᠨ ᠵᠢᠭᠠᠨ ᠰᠤᠷᠭᠠᠬᠤ ᠤᠬᠢ ᠰᠠᠢ᠋ᠨ ᠤᠷᠴᠢᠨ ᠢ ᠪᠦᠳᠤᠭᠡᠨ ᠪᠠᠢ᠋ᠭᠤᠯᠬᠤ ᠪᠡᠷ ᠴᠢᠷᠮᠠᠢ᠋ᠵᠦ᠂ ᠬᠦᠯᠦᠨ ᠪᠤᠢ᠋ᠷ ᠲᠡᠭᠡᠳᠤ ᠰᠤᠷᠭᠠᠭᠤᠯᠢ ᠶᠢᠨ ᠡᠪᠤᠯ ᠤᠨ ᠤᠯᠠᠷᠢᠯ ᠤᠨ ᠪᠡᠶ᠎ᠡ ᠲᠠᠮᠢᠷ ᠤᠨ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠳᠤ ᠤᠨᠤᠯ ᠤᠨ ᠯᠠᠪᠯᠠᠯᠳᠠ ᠬᠠᠩᠭ᠋ᠠᠬᠤ ᠵᠢ ᠵᠤᠷᠢᠪᠠ᠃
Original Literature View Original Paper
出自 内蒙古民族大学学报(自然科学) 2016年 第1期

联系我们


内蒙古大学图书馆
呼和浩特市大学西路235号
中国·内蒙古
P: (0471) 4992561
E: huangfeilong@imu.edu.cn