Paper Information


Title ᠲᠡᠭᠡᠳᠦ ᠵᠡᠷᠭᠡ ᠶᠢᠨ ᠲᠤᠭᠠᠨ ᠤ ᠤᠬᠠᠭᠠᠨ ᠤ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢᠨ ᠲᠤᠬᠠᠢ
Creator ᠱᠤᠸᠠᠩ ᠶᠸ
Keyword ᠲᠡᠭᠡᠳᠦ ᠵᠡᠷᠭᠡ ᠶᠢᠨ ᠲᠤᠭᠠᠨ ᠤ ᠤᠬᠠᠭᠠᠨ; ᠵᠢᠭᠠᠨ ᠰᠤᠷᠭᠠᠯᠳᠠ; ᠦᠭᠡᠷᠡᠴᠢᠯᠡᠯᠳᠡ
Abstract 《ᠲᠡᠭᠡᠳᠦ ᠵᠡᠷᠭᠡ ᠶᠢᠨ ᠲᠤᠭᠠᠨ ᠤ ᠤᠬᠠᠭᠠᠨ》ᠪᠤᠯ ᠲᠡᠭᠡᠳᠦ ᠰᠤᠷᠭᠠᠭᠤᠯᠢ ᠶᠢᠨ ᠴᠢᠬᠤᠯᠠ ᠨᠢᠭᠡᠨ ᠲᠦᠷᠦᠯ ᠤᠨ ᠨᠡᠢ᠌ᠳᠡ ᠶᠢᠨ ᠰᠠᠭᠤᠷᠢ ᠬᠢᠴᠢᠶᠡᠯ ᠪᠤᠯᠬᠤ ᠪᠦᠭᠡᠳ ᠪᠠᠢ᠌ᠭᠠᠯᠢ ᠶᠢᠨ ᠰᠢᠨᠵᠢᠯᠡᠬᠦ ᠤᠬᠠᠭᠠᠨ ᠵᠢᠴᠢ ᠢᠨᠵᠸᠨ᠋ᠸᠷᠢᠩ ᠤᠨ ᠮᠡᠷᠭᠡᠵᠢᠯ ᠵᠡᠷᠭᠡ ᠤᠯᠠᠨ ᠬᠦᠷᠢᠶ᠎ᠡ ᠬᠡᠪᠴᠢᠶᠡᠨ ᠳᠤ ᠦᠷᠭᠡᠨ ᠲᠡᠯᠭᠡᠷ ᠬᠡᠷᠡᠭᠴᠡᠭᠡ ᠲᠠᠢ᠂ ᠪᠠᠰᠠ ᠤᠯᠠᠩᠬᠢ ᠰᠤᠷᠤᠭᠴᠢᠳ ᠰᠤᠷᠭᠠᠭᠤᠯᠢ ᠳᠤ ᠤᠷᠤᠭᠰᠠᠨ ᠤ ᠰᠡᠭᠦᠯᠡᠷ ᠵᠠᠪᠠᠯ ᠰᠤᠷᠬᠤ ᠰᠠᠭᠤᠷᠢ ᠬᠢᠴᠢᠶᠡᠯ ᠤᠨ ᠨᠢᠭᠡ ᠨᠢ ᠮᠦᠨ᠃ ᠵᠢᠭᠠᠨ ᠰᠤᠷᠭᠠᠯᠳᠠ ᠳᠤ ᠠᠭᠠᠵᠢᠮ ᠶᠢᠡᠷ ᠰᠤᠷᠤᠭᠴᠢᠳ ᠤᠨ ᠲᠤᠭᠠᠨ ᠤ ᠤᠬᠠᠭᠠᠨ ᠤ ᠦᠵᠡᠯ ᠰᠠᠨᠠᠭ᠎ᠠ᠂ ᠠᠰᠠᠭᠤᠳᠠᠯ ᠢ ᠬᠡᠢ᠌ᠰᠪᠦᠷᠢᠯᠡᠨ ᠬᠤᠷᠢᠶᠠᠩᠭ᠋ᠤᠢ᠌ᠯᠠᠬᠤ ᠴᠢᠳᠠᠪᠤᠷᠢ᠂ ᠯᠤᠭᠢᠭ ᠰᠡᠳᠭᠢᠬᠦᠢ ᠶᠢᠨ ᠴᠢᠳᠠᠪᠤᠷᠢ ᠵᠢᠴᠢ ᠨᠡᠯᠢᠶᠡᠳ ᠪᠤᠯᠪᠠᠰᠤᠷᠠᠩᠭ᠋ᠤᠢ ᠪᠤᠳᠤᠯᠭ᠎ᠠ ᠶᠢᠨ ᠴᠢᠳᠠᠪᠤᠷᠢ ᠪᠠ ᠰᠤᠷᠤᠭᠰᠠᠨ ᠮᠡᠳᠡᠯᠭᠡ ᠪᠠᠨ ᠶᠡᠷᠦᠩᠬᠠᠢ᠌ᠯᠡᠨ ᠬᠡᠷᠡᠭᠯᠡᠵᠦ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠬᠦᠮᠦᠵᠢᠭᠦᠯᠦᠨ᠎ᠡ᠃ ᠭᠡᠪᠡᠴᠦ ᠵᠢᠭᠠᠨ ᠰᠤᠷᠭᠠᠯᠳᠠ ᠶᠢᠨ ᠲᠤᠮᠳᠠ ᠮᠦᠨ ᠴᠤ ᠪᠤᠳᠠᠳᠤ ᠠᠰᠠᠭᠤᠳᠠᠯ ᠤᠷᠤᠰᠢᠵᠤ ᠪᠠᠢ᠌ᠬᠤ ᠶᠢ ᠤᠯᠵᠤ ᠮᠡᠳᠡᠪᠡ᠃ ᠵᠤᠬᠢᠶᠠᠯ ᠳᠤ ᠡᠳᠡᠭᠡᠷ ᠠᠰᠠᠭᠤᠳᠠᠯ ᠡᠴᠡ ᠭᠠᠷᠳᠠᠨ᠂ ᠲᠡᠭᠡᠳᠦ ᠵᠡᠷᠭᠡ ᠶᠢᠨ ᠲᠤᠭᠠᠨ ᠤ ᠤᠬᠠᠭᠠᠨ ᠤ ᠵᠢᠭᠠᠨ ᠰᠤᠷᠭᠠᠯᠳᠠ ᠳᠤ ᠦᠭᠡᠷᠡᠴᠢᠯᠡᠯᠳᠡ ᠬᠢᠬᠦ ᠲᠤᠬᠠᠢ ᠬᠡᠳᠦᠨ ᠲᠠᠯ᠎ᠠ ᠡᠴᠡ ᠶᠠᠷᠢᠪᠠ᠃
Original Literature View Original Paper
出自 内蒙古民族大学学报(自然科学) 2015年 第1期

联系我们


内蒙古大学图书馆
呼和浩特市大学西路235号
中国·内蒙古
P: (0471) 4992561
E: huangfeilong@imu.edu.cn