Paper Information


Title ᠯ‍᠂ ᠯᠤᠷᠸᠠᠽᠢ ᠶᠢᠨ 《ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠬᠡᠪ ᠰᠢᠨᠵᠢ》ᠭᠡᠬᠦ ᠪᠦᠲᠦᠭᠡᠯ ᠦᠨ ᠲᠤᠬᠠᠢ
Creator ᠰᠡᠴᠡᠨᠮᠦᠶ᠍ᠩᠬᠡ
Keyword ᠯ‍᠂ ᠯᠤᠷᠸᠠᠽᠢ᠂ 《ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠬᠡᠪ ᠰᠢᠨᠵᠢ》᠂ ᠲᠤᠪᠶᠤᠭ ᠤᠨ ᠲᠤᠬᠠᠢ
Abstract ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠬᠡᠪ ᠰᠢᠨᠵᠢ ᠶᠢᠨ ᠬᠠᠮᠤᠭ ᠠᠩ᠋ᠬᠠᠨ ᠤ ᠲᠤᠪᠶᠤᠭ ᠢ ᠬᠠᠩ᠋ᠭᠠᠷᠢ ᠶᠢᠨ ᠡᠷᠳᠡᠮᠲᠡᠨ ᠯ‍᠂ ᠯᠤᠷᠸᠠᠽᠢ ᠭᠦᠢᠴᠡᠳᠭᠡᠭ᠍ᠰᠡᠨ ᠪᠠᠶᠢᠨ᠎ᠠ᠃ ᠯ‍᠂ ᠯᠤᠷᠸᠠᠽᠢ ᠠᠴᠠ ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠬᠡᠪ ᠰᠢᠨᠵᠢ ᠨᠦᠬᠦᠳ ᠢ AT᠋ ᠤᠨ ᠠᠩᠭᠢᠯᠠᠯ ᠤᠨ ᠰᠢᠰᠲ᠋ᠧᠮ ᠳᠦ ᠤᠷᠤᠭᠤᠯᠵᠤ ᠦᠭ᠍ᠭᠦᠭ᠍ᠰᠡᠨ ᠶᠠᠪᠤᠳᠠᠯ ᠨᠢ ᠠᠮᠵᠢᠯᠲᠠ ᠲᠠᠢ ᠲᠤᠷᠰᠢᠯᠲᠠ ᠪᠤᠯᠤᠭᠰᠠᠨ ᠢᠶᠠᠷ ᠪᠠᠷᠠᠬᠤ ᠦᠭᠡᠢ ᠨᠡᠩ ᠴᠢᠬᠤᠯᠠ ᠨᠢ ᠡᠨᠡ ᠲᠠᠯ᠎ᠠ ᠶᠢᠨ ᠬᠤᠭᠤᠤᠨ ᠤᠷᠤᠨ ᠵᠠᠢ ᠶᠢ ᠨᠦᠬᠦᠪᠦᠷᠢᠯᠡᠭᠰᠡᠨ ᠭᠡᠵᠦ ᠬᠡᠯᠡᠵᠦ ᠪᠤᠯᠬᠤ ᠶᠤᠮ᠃ ᠬᠡᠯᠡᠯᠭᠡᠨ ᠦᠭᠡᠢ ᠮᠤᠨᠭᠭᠤᠯ ᠠᠷᠠᠳ ᠤᠨ ᠶᠠᠪᠠᠭᠠᠨ ᠦᠯᠢᠭᠡᠷ ᠢ ᠪᠦᠬᠦᠯᠢ ᠴᠤᠭᠴᠠ ᠳᠤᠨᠢ AT᠋ ᠤᠨ ᠠᠩᠭᠢᠯᠠᠯ ᠤᠨ ᠰᠢᠰᠲ᠋ᠧᠮ ᠳᠤ ᠤᠷᠤᠭᠤᠯᠬᠤ ᠭᠡᠪᠡᠯ ᠵᠠᠷᠢᠮ ᠨᠢᠭᠡᠨ ᠲᠠᠯ᠎ᠠ ᠪᠠᠷ ᠢᠶᠠᠨ ᠤᠴᠢᠷ ᠳᠤᠲᠠᠭᠳᠠᠯ ᠲᠠᠢ ᠪᠤᠯᠵᠤ ᠮᠡᠳᠡᠨ᠎ᠡ᠃ ᠡᠶᠢᠮᠦᠷᠬᠦᠦ ᠦᠵᠡᠭᠳᠡᠯ ᠭᠠᠷᠬᠤ ᠠᠴᠠ ᠵᠠᠶᠢᠯᠠᠰᠬᠢᠬᠦ ᠶᠢᠨ ᠲᠦᠯᠦᠭᠡ ᠯ‍᠂ ᠯᠤᠷᠸᠠᠽᠢ ᠠᠴᠠ ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠦᠪᠡᠷᠮᠢᠴᠡ ᠤᠨᠴᠠᠯᠢᠭ ᠢ ᠨᠢ ᠤᠨᠴᠠᠭᠠᠶᠢᠯᠠᠨ ᠠᠩ᠋ᠬᠠᠷᠤᠭᠰᠠᠨ ᠰᠠᠭᠤᠷᠢᠨ ᠳᠡᠭᠡᠷ᠎ᠡ ᠮᠢᠩ᠋ᠭ᠎ᠠ ᠲᠠᠪᠤᠨ ᠵᠠᠭᠤᠨ ᠦᠯᠢᠭᠡᠷ ᠦᠨ ᠳᠤᠲᠤᠷ᠎ᠠ ᠠᠴᠠ ᠭᠤᠷᠪᠠᠨ ᠵᠠᠭᠤ ᠳᠠᠯᠠ ᠭᠠᠷᠤᠢ ᠦᠯᠢᠭᠡᠷ ᠦᠨ ᠬᠡᠪ ᠰᠢᠨᠵᠢ ᠶᠢ AT᠋ ᠤᠨ ᠠᠩᠭᠢᠯᠠᠯ ᠤᠨ ᠰᠢᠰᠲ᠋ᠧᠮ ᠳᠦ ᠠᠳᠠᠯᠢ ᠪᠤᠶᠤ ᠤᠶᠢᠷᠠᠯᠴᠠᠭ᠎ᠠ ᠭᠡᠰᠡᠨ ᠤᠳᠬ᠎ᠠ ᠪᠠᠷ ᠤᠷᠤᠭᠤᠯᠵᠤ ᠦᠭ᠍ᠬᠦ ᠶᠢᠨ ᠵᠡᠷᠭᠡᠴᠡᠭᠡ  AT᠋ ᠤᠨ ᠠᠩᠭᠢᠠᠯᠠᠯ ᠤᠨ ᠰᠢᠰᠲ᠋ᠧᠮ ᠳᠦ ᠤᠷᠤᠵᠤ ᠴᠢᠳᠠᠬᠤ ᠦᠭᠡᠢ ᠭᠡᠰᠡᠨ ᠮᠤᠨᠭᠭᠤᠯ ᠦᠯᠢᠭᠡᠷ ᠦᠨ ᠬᠡᠪ ᠰᠢᠨᠵᠢ ᠶᠢ ᠲᠤᠰ ᠲᠤᠨᠢ ᠵᠢᠭᠰᠠᠭᠠᠵᠤ ᠦᠭ᠍ᠭᠦᠭ᠍ᠰᠡᠨ ᠶᠠᠪᠤᠳᠠᠯ ᠨᠢ ᠰᠢᠨᠵᠢᠯᠡᠬᠦ ᠤᠬᠠᠭᠠᠨᠴᠢ ᠠᠷᠭ᠎ᠠ ᠪᠠᠷᠢᠯ ᠪᠤᠯᠤᠭᠰᠠᠨ ᠭᠡᠳᠡᠭ ᠢ ᠤᠨᠴᠠᠭᠠᠶᠢᠯᠠᠨ ᠳᠤᠷᠠᠳᠬᠤ ᠶᠤᠰᠤᠲᠠᠢ᠃ ᠡᠶᠢᠮᠦ ᠡᠴᠡ ᠡᠨᠡ ᠬᠦ ᠲᠤᠪᠶᠤᠭ ᠨᠢ ᠮᠤᠨᠭᠭᠤᠯ ᠠᠷᠠᠳ ᠤᠨ ᠶᠠᠪᠠᠭᠠᠨ ᠦᠯᠢᠭᠡᠷ ᠦᠨ ᠰᠤᠳᠤᠯᠤᠯ ᠳᠤ ᠴᠢᠬᠤᠯᠠ ᠪᠠᠭᠠᠵᠢ ᠬᠡᠷᠡᠭᠯᠡᠭᠦᠷ ᠪᠤᠯᠬᠤ ᠶᠤᠮ᠃ ᠭᠡᠬᠦ ᠳᠡᠭᠡᠨ ᠡᠨᠡ ᠬᠦ ᠪᠦᠲᠦᠭᠡᠯ ᠨᠢ ᠤᠳᠤ ᠪᠤᠯᠲᠠᠯ᠎ᠠ ᠮᠤᠨᠭᠭᠤᠯ ᠬᠡᠯᠡᠨ ᠳᠦ ᠤᠷᠴᠢᠭᠤᠯᠤᠭᠳᠠᠭ᠎ᠠ ᠦᠭᠡᠢ ᠤᠴᠢᠷ ᠠᠴᠠ ᠤᠯᠠᠩᠭᠢ ᠰᠤᠳᠤᠯᠤᠭᠴᠢᠳ ᠤᠨ ᠬᠦᠷᠲᠭᠡᠯ ᠪᠤᠯᠵᠤ ᠴᠢᠳᠠᠭ᠎ᠠ ᠦᠭᠡᠢ ᠪᠠᠶᠢᠨ᠎ᠠ᠃
Original Literature View Original Paper
出自 中国蒙古学 2010年 第6期

联系我们


内蒙古大学图书馆
呼和浩特市大学西路235号
中国·内蒙古
P: (0471) 4992561
E: huangfeilong@imu.edu.cn