Paper Information


Title ᠤᠳᠬ᠎ᠠ ᠵᠤᠬᠢᠶᠠᠯ ᠤᠨ ᠰᠢᠨᠵᠢ ᠴᠢᠨᠠᠷ ᠤᠨ ᠲᠤᠬᠠᠢ ᠰᠤᠳᠨᠠᠮᠷᠠᠪᠳᠠᠨ ᠤ ᠦᠵᠡᠯ ᠪᠠᠷᠢᠮᠳᠠᠯᠠᠯ ᠢ ᠲᠤᠪᠴᠢ ᠦᠭᠦᠯᠡᠬᠦ ᠨᠢ
Creator ᠲᠡᠳᠡ ᠫᠷᠤᠹᠸᠰᠰᠤᠷ ᠠᠷᠢᠭᠤᠨ
Keyword ᠤᠳᠬ᠎ᠠ ᠵᠤᠬᠢᠶᠠᠯ; ᠰᠢᠨᠵᠢ ᠴᠢᠨᠠᠷ; ᠰᠤᠳᠨᠠᠮᠷᠠᠪᠳᠠᠨ ᠤ ᠦᠵᠡᠯ ᠪᠠᠷᠢᠮᠳᠠᠯᠠᠯ
Abstract ᠮᠤᠩᠭ᠋ᠤᠯᠴᠤᠳ ᠬᠡᠴᠢᠨᠡᠬᠡᠨ ᠮᠢᠩᠭ᠋ᠠᠨ ᠵᠢᠯ ᠤᠨ ᠲᠡᠷᠳᠡᠭᠡ ᠡᠴᠡ ᠤᠷᠠᠨ ᠵᠤᠬᠢᠶᠠᠯ ᠤᠨ ᠪᠠᠶᠠᠯᠢᠭ ᠦᠪ ᠢ ᠪᠦᠳᠦᠭᠡᠭ᠍ᠰᠡᠭᠡᠷ ᠢᠷᠡᠭᠰᠡᠨ ᠶᠤᠮ᠃ ᠭᠡᠪᠡᠴᠦ ᠦᠪᠡᠷ ᠤᠨ ᠪᠦᠷᠢᠨ ᠲᠦᠬᠦᠷ ᠪᠦᠳᠦᠴᠡ ᠲᠠᠢ ᠵᠤᠬᠢᠶᠠᠯ ᠤᠷᠠᠯᠢᠭ ᠤᠨ ᠤᠨᠤᠯ ᠤᠨ ᠲᠤᠭᠳᠠᠯᠴᠠᠭ᠎ᠠ ᠲᠠᠢ ᠪᠤᠯᠤᠭᠰᠠᠨ ᠨᠢ 20 ᠳ᠋ᠤᠭᠠᠷ ᠵᠠᠭᠤᠨ ᠤ ᠲᠤᠮᠳᠠᠴᠢ᠂ ᠰᠡᠭᠦᠯᠴᠢ ᠦᠶ᠎ᠡ ᠭᠡᠵᠦ ᠲᠤᠢ᠌ᠮᠤᠴᠢᠯᠠᠨ ᠬᠡᠯᠡᠬᠦ ᠳᠤ ᠪᠤᠷᠤᠭᠤᠳᠠᠬᠤ ᠦᠭᠡᠢ᠃ ᠮᠤᠩᠭ᠋ᠤᠯ ᠤᠳᠬ᠎ᠠ ᠵᠤᠬᠢᠶᠠᠯ ᠤᠨ ᠦᠨᠳᠦᠰᠦᠨ ᠤᠨᠤᠯ ᠤᠨ ᠪᠦᠳᠦᠭᠡᠨ ᠪᠠᠢ᠌ᠭᠤᠯᠤᠯᠳᠠ ᠨᠢ ᠲᠦᠷᠦᠭᠦᠦ ᠵᠠᠭᠤᠨ ᠤ 60 ‍᠌᠌᠌᠌᠌᠌᠌᠌᠌ᠭᠠᠳ ᠤᠨ ᠤ ᠦᠶ᠎ᠡ ᠡᠴᠡ ᠡᠬᠢᠯᠡᠵᠦ ᠰᠠᠨᠠᠭᠠᠴᠢᠯᠠᠭ᠎ᠠ ᠲᠠᠢ᠂ ᠤᠬᠠᠮᠰᠠᠷ ᠲᠠᠢ ᠠᠵᠢᠯᠯᠠᠭ᠎ᠠ ᠪᠤᠯᠵᠤ ᠢᠷᠡᠵᠡᠢ᠃ ᠲᠤᠳᠤᠷᠬᠠᠢ ᠶᠠᠷᠢᠪᠠᠯ ᠮᠠᠷᠺᠰ ᠤᠨ ᠦᠵᠡᠯ ᠤᠨ ᠤᠨᠤᠯ ᠤᠨ ᠤᠯᠠᠮᠵᠢᠯᠠᠭᠳᠠᠨ ᠤᠷᠤᠵᠤ ᠢᠷᠡᠬᠦ ᠶᠢ ᠲᠠᠭᠠᠯᠳᠤᠨ ᠤᠳᠤ ᠦᠶ᠎ᠡ ᠶᠢᠨ ᠵᠤᠬᠢᠶᠠᠯ ᠤᠷᠠᠯᠢᠭ ᠤᠨ ᠤᠨᠤᠯ ᠡᠬᠢᠯᠡᠨ ᠮᠡᠨᠳᠦᠯᠡᠭᠰᠡᠨ ᠶᠤᠮ᠃ ᠰᠤᠳᠨᠠᠮᠷᠠᠪᠳᠠᠨ 20 ᠳ᠋ᠤᠭᠠᠷ ᠵᠠᠭᠤᠨ ᠤ 60᠌‍ ‍ᠭᠠᠳ ᠤᠨ ᠡᠴᠡ ᠤᠳᠬ᠎ᠠ ᠵᠤᠬᠢᠶᠠᠯ ᠤᠨ ᠤᠨᠤᠯ ᠰᠤᠳᠤᠯᠤᠯ ᠶᠢᠡᠨ ᠡᠬᠢᠯᠡᠭᠦᠯᠬᠦ ᠳ᠋ᠡᠭᠡᠨ ᠬᠠᠮᠤᠭ ᠲᠦᠷᠦᠭᠦᠦ ᠤᠳᠬ᠎ᠠ ᠵᠤᠬᠢᠶᠠᠯ ᠤᠨ ᠰᠢᠨᠵᠢ ᠴᠢᠨᠠᠷ ᠤᠨ ᠠᠰᠠᠭᠤᠳᠠᠯ ᠢ ᠰᠢᠨᠵᠢᠯᠡᠬᠦ ᠡᠴᠡ ᠭᠠᠷᠳᠠᠭᠰᠠᠨ ᠶᠤᠮ᠃ ᠦᠭᠦᠯᠡᠯ ᠳᠤ᠂ ᠤᠳᠬ᠎ᠠ ᠵᠤᠬᠢᠶᠠᠯ ᠤᠨ ᠰᠢᠨᠵᠢ ᠴᠢᠨᠠᠷ ᠤᠨ ᠲᠤᠬᠠᠢ ᠰᠤᠳᠨᠠᠮᠷᠠᠪᠳᠠᠨ ᠤ ᠦᠵᠡᠯ ᠪᠠᠷᠢᠮᠳᠠᠯᠠᠯ ᠢ ᠭᠤᠷᠪᠠᠨ ᠲᠠᠯ᠎ᠠ ᠡᠴᠡ ᠦᠭᠦᠯᠡᠬᠦ ᠶᠢ ᠵᠤᠷᠢᠪᠠ᠃
Original Literature View Original Paper
出自 内蒙古社会科学(蒙文版) 2015年 第1期

联系我们


内蒙古大学图书馆
呼和浩特市大学西路235号
中国·内蒙古
P: (0471) 4992561
E: huangfeilong@imu.edu.cn