Paper Information


Title ᠦᠢᠯᠡᠴᠢᠯᠡᠭᠡᠨ ᠬᠠᠩ᠋ᠭᠠᠬᠤ ᠨᠢ ᠵᠠᠰᠠᠭ ᠤᠨ ᠣᠷᠳᠤᠨ ᠤ ᠡᠭᠦᠷᠭᠡ ᠴᠢᠳᠠᠮᠵᠢ ᠶᠢᠨ ᠵᠠᠢ᠌ᠯᠠᠰᠢ ᠦᠭᠡᠢ ᠰᠤᠩ᠋ᠭᠤᠯᠲᠠ ᠪᠤᠯᠬᠤ ᠠᠰᠠᠭᠤᠳᠠᠯ ᠤᠨ ᠲᠤᠬᠠᠢ
Creator ᠪᠤᠤ ᠵᠢᠶᠦ᠋ᠨ
Keyword ᠵᠠᠰᠠᠭ ᠤᠨ ᠣᠷᠳᠤᠨ ᠤ ᠬᠠᠮᠢᠶᠠᠷᠤᠯᠲᠠ; ᠦᠢᠯᠡᠴᠢᠯᠡᠭᠡᠨ; ᠬᠡᠮᠵᠢᠬᠦ ᠬᠡᠮᠵᠢᠭᠦᠷ
Abstract ᠵᠠᠰᠠᠭ ᠤᠨ ᠣᠷᠳᠤᠨ ᠤ ᠡᠭᠦᠰᠦᠯ ᠨᠢ ᠠᠷᠠᠳ ᠲᠦᠮᠡᠨ ᠦ ᠨᠡᠢ᠌ᠲᠡ ᠶᠢᠨ ᠰᠠᠨᠠᠭ᠎ᠠ ᠪᠠ ᠨᠡᠢ᠌ᠲᠡ ᠶᠢᠨ ᠡᠷᠬᠡ ᠣᠯᠭᠤᠯᠲᠠ ᠠᠴᠠ ᠰᠤᠷᠪᠤᠯᠵᠢ ᠲᠠᠢ ᠶᠤᠮ᠂ ᠡᠨᠡ ᠨᠢ ᠳᠠᠷᠤᠢ ᠵᠠᠰᠠᠭ ᠵᠠᠬᠢᠷᠭᠠᠨ ᠤ ᠬᠠᠮᠢᠶᠠᠷᠤᠯᠲᠠ ᠦᠢᠯᠡᠴᠢᠯᠡᠬᠦ ᠰᠢᠨᠵᠢ ᠲᠡᠢ ᠪᠤᠯᠬᠤ ᠶᠢ ᠲᠤᠭᠲᠠᠭᠠᠵᠠᠢ᠃ 21᠋ ᠳᠦᠭᠡᠷ ᠵᠠᠭᠤᠨ ᠳᠤ ᠦᠢᠯᠡᠴᠢᠯᠡᠬᠦ ᠪᠤᠯ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠮᠵᠢ ᠶᠢᠨ ᠵᠠᠢ᠌ᠯᠠᠰᠢ ᠦᠭᠡᠢ ᠰᠤᠩ᠋ᠭᠤᠯᠲᠠ ᠪᠤᠯᠬᠤ ᠤᠴᠢᠷ᠂ ᠠᠷᠠᠳ ᠢᠷᠭᠡᠳ ᠲᠦ ᠦᠢᠯᠡᠴᠢᠯᠡᠬᠦ᠂ ᠤᠯᠤᠰ ᠭᠡᠷ ᠲᠦ ᠦᠢᠯᠡᠴᠢᠯᠡᠬᠦ᠂ ᠨᠡᠢ᠌ᠭᠡᠮ ᠳᠦ ᠦᠢᠯᠡᠴᠢᠯᠡᠬᠦ ᠪᠤᠯ ᠵᠠᠰᠠᠭ ᠤᠨ ᠣᠷᠳᠤᠨ ᠤ ᠦᠢᠯᠡᠴᠢᠯᠡᠭᠡᠨ ᠦ ᠭᠤᠤᠯ ᠳ᠋ᠤᠢ᠌ᠰᠢᠶᠠᠩ ᠨᠢ ᠪᠤᠯᠤᠨ᠎ᠠ᠂ ᠭᠡᠬᠦ ᠳᠡᠭᠡᠨ ᠦᠷ᠎ᠡ ᠠᠰᠢᠭ ᠬᠢᠭᠡᠳ ᠦᠷ᠎ᠡ ᠪᠦᠲᠦᠮᠵᠢ ᠪᠤᠯ ᠵᠠᠰᠠᠭ ᠵᠠᠬᠢᠷᠭᠠᠨ ᠤ ᠦᠢᠯᠡᠴᠢᠯᠡᠭᠡᠨ ᠦ ᠦᠷᠲᠡᠭ ᠦᠨ ᠬᠠᠨᠳᠤᠯᠭ᠎ᠠ ᠮᠦᠨ᠃ ᠨᠡᠢ᠌ᠭᠡᠮ ᠵᠢᠷᠦᠮ ᠦᠨ ᠠᠩ᠋ᠬᠠᠨ ᠤ ᠱᠠᠲᠤᠨ ᠳᠤ᠂ ᠵᠠᠠᠭ ᠵᠠᠬᠢᠷᠭᠠᠨ ᠤ ᠦᠢᠯᠡᠴᠢᠯᠭᠡᠨ ᠢ ᠮᠠᠭᠠᠳᠯᠠᠬᠤ ᠪᠠᠷᠢᠮᠵᠢᠶ᠎ᠠ ᠨᠢ ᠪᠤᠯ ᠨᠡᠢ᠌ᠭᠡᠮ ᠵᠢᠷᠦᠮ ᠦᠨ ᠦᠢᠯᠡᠳᠪᠦᠷᠢᠯᠡᠯ ᠦᠨ ᠬᠦᠴᠦᠨ ᠢ ᠬᠦᠭ᠍ᠵᠢᠭᠦᠯᠬᠦ ᠳᠦ ᠠᠰᠢᠭᠲᠠᠢ ᠡᠰᠡᠭᠦ᠂ ᠤᠯᠤᠰ ᠤᠨ ᠶᠡᠷᠦᠩ᠋ᠬᠡᠢ᠌ᠯᠡᠭᠰᠡᠨ ᠬᠦᠴᠦᠨ ᠢ ᠨᠡᠮᠡᠭᠳᠡᠭᠦᠯᠬᠦ ᠳᠦ ᠠᠰᠢᠭᠲᠠᠢ ᠡᠰᠡᠭᠦ᠂ ᠠᠷᠠᠳ ᠲᠦᠮᠡᠨ ᠦ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭ᠍ᠰᠢᠯᠡᠭᠦᠯᠬᠦ ᠳᠦ ᠠᠰᠢᠭᠲᠠᠢ ᠡᠰᠡᠭᠦ ᠶᠢ ᠦᠵᠡᠨ᠎ᠡ᠃ ᠡᠭᠦᠨ ᠳᠦ ᠬᠠᠮᠤᠭ ᠡᠴᠦᠰ ᠦᠨ ᠦᠨᠳᠦᠰᠦᠯᠡᠯ ᠨᠢ ᠪᠤᠯ 《ᠠᠷᠠᠳ ᠲᠦᠮᠡᠨ ᠬᠠᠨᠤᠮᠵᠢᠲᠠᠢ ᠡᠰᠡᠭᠦ》᠋ ᠪᠡᠷ ᠬᠡᠮᠵᠢᠵᠦ ᠪᠠᠷᠢᠮᠵᠢᠶᠠᠯᠠᠨ᠎ᠠ᠃
Original Literature No Original Paper
出自 蒙古学研究 2003年 第4期

联系我们


内蒙古大学图书馆
呼和浩特市大学西路235号
中国·内蒙古
P: (0471) 4992561
E: huangfeilong@imu.edu.cn