Paper Information


Title ᠡᠷᠲᠡᠨ ᠦ ᠮᠣᠩ᠋ᠭᠤᠯ ᠨᠡᠭᠦᠳᠡᠯ ᠮᠠᠯᠵᠢᠯ ᠤᠨ ᠵᠤᠬᠢᠶᠠᠨ ᠪᠠᠢ᠌ᠭᠤᠯᠤᠯᠲᠠ — ᠬᠦᠷᠢᠶ᠎ᠡ ᠶᠢᠨ ᠬᠦᠬᠡᠨᠠᠭᠤᠷ ᠤᠨ ᠬᠲᠤᠨ ᠭᠤᠤᠯ ᠤᠨ ᠡᠮᠦᠨᠡᠳᠦ ᠲᠤᠬᠤᠢ ᠶᠢᠨ ᠮᠣᠩ᠋ᠭᠤᠯᠴᠤᠳ ᠤᠨ ᠳᠤᠮᠳᠠᠬᠢ ᠵᠠᠯᠭᠠᠮᠵᠢᠯᠠᠯ ᠪᠠ ᠬᠤᠪᠢᠰᠤᠯ ᠤᠨ ᠲᠤᠬᠠᠢ ᠠᠵᠢᠭᠯᠠᠯᠲᠠ
Creator ᠬᠤᠩ ᠹᠧᠩ
Keyword ᠬᠦᠬᠡᠨᠠᠭᠤᠷ ᠤᠨ ᠬᠠᠲᠤᠨ ᠭᠤᠤᠯ ᠤᠨ ᠡᠮᠦᠨᠡᠳᠦ ᠲᠤᠬᠤᠢ ᠶᠢᠨ ᠮᠣᠩ᠋ᠭᠤᠯ ᠬᠤᠰᠢᠭᠤ; ᠬᠦᠷᠢᠶ᠎ᠡ ᠶᠢᠨ ᠵᠤᠬᠢᠶᠠᠨ ᠪᠠᠢ᠌ᠭᠤᠯᠤᠯᠲᠠ; ᠬᠦᠷᠢᠶ᠎ᠡ ᠶᠢᠨ ᠵᠠᠯᠭᠠᠮᠵᠢᠯᠠᠯ ᠪᠠ ᠬᠤᠪᠢᠰᠤᠯ
Abstract 17᠋ ᠳᠤᠭᠠᠷ ᠵᠠᠭᠤᠨ ᠤ ᠲᠠᠪᠢ ᠵᠢᠷᠠᠭᠠᠳ ᠣᠨ ᠤ ᠦᠶ᠎ᠡ ᠪᠷ ᠬᠠᠲᠤᠨ ᠭᠤᠤᠯ ᠤᠨ ᠡᠮᠦᠨᠡᠳᠦ ᠲᠤᠬᠤᠢ ᠣᠷᠤᠨ ᠳᠤ ᠨᠤᠲᠤᠭ ᠰᠢᠯᠵᠢᠭᠰᠡᠨ ᠮᠣᠩ᠋ᠭᠤᠯᠴᠤᠳ᠂ 20᠋ ᠳᠤᠭᠠᠷ ᠵᠠᠭᠤᠨ ᠤ ᠲᠠᠪᠢᠭᠠᠳ ᠣᠨ ᠪᠤᠯᠲᠠᠯ᠎ᠠ ᠬᠦᠷᠢᠶ᠎ᠡ ᠶᠢᠨ ᠵᠤᠬᠢᠶᠠᠨ ᠪᠠᠢ᠌ᠭᠤᠯᠤᠯᠲᠠ ᠶᠢᠨ ᠬᠡᠯᠪᠡᠷᠢ ᠪᠡᠷ ᠨᠡᠭᠦᠳᠡᠯᠯᠡᠨ ᠮᠠᠯᠵᠢᠭᠰᠠᠭᠠᠷ ᠪᠠᠢ᠌ᠵᠠᠢ᠃ ᠲᠡᠦᠬᠡᠨ ᠪᠠᠢ᠌ᠳᠠᠯ ᠠᠴᠠ ᠪᠤᠯᠵᠤ᠂ ᠡᠨᠳᠡᠬᠢ ᠶᠢᠨ ᠮᠣᠩ᠋ᠭᠤᠯᠴᠤᠳ ᠦᠪᠡᠷ ᠦᠨ ᠦᠨᠳᠦᠰᠦᠲᠡᠨ ᠦ ᠦᠭᠡ ᠬᠡᠯᠡ ᠦᠰᠦᠭ ᠪᠢᠴᠢᠭ᠌ ᠢᠶᠡᠨ ᠠᠭᠠᠵᠢᠮ ᠢᠶᠠᠷ ᠬᠡᠷᠡᠭᠯᠡᠬᠦ ᠪᠡᠨ ᠪᠤᠯᠢᠵᠤ᠂ ᠲᠦᠪᠡᠳ ᠬᠡᠯᠡ ᠪᠡ ᠲᠦᠪᠡᠳ ᠦᠰᠦᠭ ᠪᠢᠴᠢᠭ᠌ ᠢ ᠬᠡᠷᠡᠭᠯᠡᠬᠦ ᠪᠤᠯᠵᠤ᠂ ᠲᠡᠦᠬᠡ ᠰᠤᠳᠤᠷ ᠢᠶᠠᠨ ᠮᠦᠨ ᠲᠦᠪᠡᠳ ᠦᠰᠦᠭ ᠪᠢᠴᠢᠭ᠌ ᠢᠶᠠᠷ ᠲᠤᠭᠤᠷᠪᠢᠨ ᠪᠢᠴᠢᠳᠡᠭ᠃ ᠭᠡᠲᠡᠯ᠎ᠡ ᠡᠷᠲᠡᠨ ᠦ ᠮᠣᠩ᠋ᠭᠤᠯ ᠤᠨ ᠬᠦᠷᠢᠶ᠎ᠡ ᠪᠡᠷ ᠨᠡᠭᠦᠳᠡᠯᠯᠡᠵᠦ ᠮᠠᠯᠵᠢᠬᠤ ᠬᠡᠯᠪᠡᠷᠢ ᠪᠡᠨ 20᠋ ᠳᠤᠭᠠᠷ ᠵᠠᠭᠤᠨ ᠤ ᠵᠢᠷᠭᠠᠳ ᠣᠨ ᠪᠤᠯᠲᠠᠯ᠎ᠠ ᠪᠠᠷᠢᠮᠲᠠᠯᠠᠭᠰᠠᠭᠠᠷ ᠢᠷᠡᠭᠰᠡᠨ ᠶᠤᠮ᠃ ᠲᠤᠰ ᠦᠭᠦᠯᠡᠯ ᠨᠢ 20᠋ ᠳᠤᠭᠠᠷ ᠵᠠᠭᠤᠨ ᠤ ᠵᠢᠷᠭᠠᠳ ᠣᠨ ᠤ ᠰᠡᠭᠦᠯᠴᠢ ᠵᠢᠷᠠᠭᠠᠳ ᠣᠨ ᠤ ᠡᠬᠢᠨ ᠦ ᠦᠶ᠎ᠡ ᠪᠡᠷ ᠪᠦᠬᠦ ᠤᠯᠤᠰ ᠲᠤ ᠶᠠᠪᠤᠭᠳᠠᠭᠰᠠᠨ ᠴᠦᠬᠡᠨ ᠲᠤᠭᠠᠲᠤ ᠦᠨᠳᠰᠦᠲᠡᠨ ᠦ ᠲᠡᠦᠬᠡ ᠰᠤᠶᠤᠯ ᠤᠨ ᠪᠠᠢ᠌ᠴᠠᠭᠠᠯᠲᠠ ᠶᠢᠨ ᠮᠠᠲ᠋ᠧᠷᠢᠶᠠᠯ ᠪᠠ ᠦᠪᠡᠷ ᠦᠨ ᠪᠡᠶ᠎ᠡ ᠪᠡᠷ ᠬᠢᠭ᠍ᠰᠠᠡᠨ ᠬᠡᠭᠡᠷ ᠡ ᠶᠢᠨ ᠪᠠᠢ᠌ᠴᠠᠭᠠᠯᠲᠠ ᠶᠢᠨ ᠮᠠᠲ᠋ᠧᠷᠢᠶᠠᠯ ᠳᠤ ᠰᠠᠭᠤᠢᠯᠠᠵᠤ᠂ ᠬᠦᠬᠡᠨᠠᠭᠤᠷ ᠲᠠᠬᠢ ᠬᠠᠲᠤᠨ ᠭᠤᠤᠯ ᠤᠨ ᠡᠮᠦᠨᠡᠳᠦ ᠲᠤᠬᠤᠢ ᠣᠷᠤᠨ ᠳᠤ ᠨᠤᠲᠤᠭᠯᠠᠵᠤ ᠪᠠᠢ᠌ᠭ᠎ᠠ ᠮᠣᠩ᠋ᠭᠤᠯᠴᠤᠳ ᠤᠨ ᠨᠡᠢ᠌ᠭᠡᠮ ᠦᠨ ᠵᠤᠬᠢᠶᠠᠨ ᠪᠠᠢ᠌ᠭᠤᠯᠤᠯᠲᠠ — ᠬᠦᠷᠢᠶ᠎ᠡ ᠶᠢᠨ ᠲᠤᠬᠠᠢ ᠠᠵᠢᠭᠯᠠᠯᠲᠠ ᠬᠢᠪᠡ᠃
Original Literature View Original Paper
出自 内蒙古大学学报 2011年 第3期

联系我们


内蒙古大学图书馆
呼和浩特市大学西路235号
中国·内蒙古
P: (0471) 4992561
E: huangfeilong@imu.edu.cn