Paper Information


Title ᠤᠷᠤᠨ ᠨᠤᠲᠤᠭ ᠤᠨ ᠮᠤᠨᠭᠭᠤᠯ ᠰᠤᠨᠢᠨ ᠤ ᠦᠢᠯᠡᠳᠦᠯ ᠴᠢᠳᠠᠪᠤᠷᠢ ᠶᠢ ᠦᠭᠦᠯᠡᠬᠦ ᠨᠢ
Creator ᠨᠠᠴᠢᠨᠱᠤᠩ᠋ᠬᠤᠷ
Keyword ᠮᠤᠨᠭᠭᠤᠯ ᠬᠡᠪᠯᠡᠯ; ᠤᠷᠤᠨ ᠨᠤᠲᠤᠭ ᠤᠨ ᠰᠤᠨᠢᠨ; ᠦᠢᠯᠡᠳᠦᠯ ᠴᠢᠳᠠᠪᠤᠷᠢ
Abstract ᠮᠤᠨᠭᠭᠤᠯ ᠢᠶᠠᠷ ᠬᠡᠪᠯᠡᠭᠳᠡᠵᠦ ᠪᠠᠶᠢᠭ᠎ᠠ ᠤᠷᠤᠨ ᠨᠤᠲᠤᠭ ᠤᠨ ᠰᠤᠨᠢᠨ ᠨᠢ ᠴᠦᠬᠡᠨ ᠲᠤᠭᠠᠲᠤ ᠦᠨᠳᠦᠰᠦᠲᠡᠨ ᠦ ᠭᠠᠵᠠᠷ ᠤᠷᠤᠨ ᠳᠤ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠤᠬᠠᠭᠤᠯᠤᠨ᠂ ᠴᠦᠬᠡᠨ ᠲᠤᠭᠠᠲᠤ ᠦᠨᠳᠦᠰᠦᠲᠡᠨ ᠦ ᠭᠠᠵᠠᠷ ᠤᠷᠤᠨ ᠳᠤ ᠦᠢᠯᠡᠳᠪᠦᠷᠢᠯᠡᠯ ᠦᠨ ᠮᠡᠷᠭᠡᠵᠢᠯ᠂ ᠠᠮᠢᠳᠤᠷᠠᠯ ᠤᠨ ᠮᠡᠳᠡᠯᠭᠡ ᠶᠢ ᠲᠦᠭᠡᠮᠡᠯᠵᠢᠭᠦᠯᠬᠦ ᠪᠡ ᠭᠠᠵᠠᠷ ᠤᠷᠤᠨ ᠤ ᠰᠢᠯᠢᠳᠡᠭ ᠰᠤᠶᠤᠯ ᠢ ᠤᠯᠠᠮᠵᠢᠯᠠᠨ ᠵᠠᠯᠭᠠᠮᠵᠢᠯᠠᠵᠤ᠂ ᠳᠡᠯᠭᠡᠷᠡᠭᠦᠯᠦᠨ ᠬᠦᠭ᠍ᠵᠢᠭᠦᠯᠵᠦ᠂ ᠤᠷᠤᠨ ᠨᠤᠲᠤᠭ ᠢᠶᠠᠨ ᠪᠤᠰᠤᠳ ᠲᠤ ᠲᠠᠨᠢᠯᠴᠠᠭᠤᠯᠵᠤ ᠰᠤᠷᠲᠠᠯᠴᠢᠯᠠᠬᠤ ᠳᠤ ᠴᠢᠬᠤᠯᠠ ᠶᠡᠬᠡ ᠭᠡᠭᠡᠪᠴᠢ ᠶᠢᠨ ᠦᠢᠯᠡᠳᠦᠯ ᠪᠤᠯᠤᠨ ᠵᠠᠭᠤᠴᠢ ᠬᠦᠭᠦᠷᠭᠡ ᠶᠢᠨ ᠦᠢᠯᠡᠳᠦᠯ ᠦᠵᠡᠭᠦᠯᠵᠦ ᠪᠠᠶᠢᠭ᠎ᠠ ᠶᠤᠮ᠃ ᠡᠨᠳᠡ ᠪᠢᠳᠡ ᠮᠤᠨᠭᠭᠤᠯ ᠢᠶᠠᠷ ᠬᠡᠪᠯᠡᠭᠳᠡᠵᠦ ᠪᠠᠶᠢᠭ᠎ᠠ 《ᠴᠠᠶᠢᠳᠠᠮ ᠤᠨ ᠰᠤᠨᠢᠨ》᠋ ᠢᠶᠠᠷ ᠪᠤᠳᠠᠲᠠᠢ ᠵᠢᠱᠢᠶ᠎ᠡ ᠪᠤᠯᠭᠠᠵᠤ᠂ ᠤᠷᠤᠨ ᠨᠤᠲᠤᠭ ᠤᠨ ᠰᠤᠨᠢᠨ ᠤ ᠦᠪᠡᠷᠮᠢᠴᠡ ᠴᠢᠳᠠᠪᠤᠷᠢ ᠶᠢᠨ ᠲᠤᠬᠠᠢ ᠤᠶᠢᠯᠠᠭᠠᠯᠲᠠ ᠠᠵᠢᠭᠯᠠᠯᠲᠠ ᠪᠠᠨ ᠳ᠋ᠦᠩᠨᠡᠵᠦ ᠮᠤᠨᠭᠭᠤᠯ ᠰᠤᠨᠢᠨ ᠮᠡᠳᠡᠭᠡᠨ ᠦ ᠦᠢᠯᠡᠰ ᠦᠨ ᠠᠵᠢᠯ ᠨᠢᠭᠡᠲᠡᠨ ᠲᠡᠢ ᠰᠠᠨᠠᠯ ᠢᠶᠠᠨ ᠰᠤᠯᠢᠯᠴᠠᠬᠤ ᠪᠤᠯᠤᠨ᠎ᠠ᠃
Original Literature View Original Paper
出自 中国蒙古学 2010年 第5期

联系我们


内蒙古大学图书馆
呼和浩特市大学西路235号
中国·内蒙古
P: (0471) 4992561
E: huangfeilong@imu.edu.cn