Abstract |
ᠡᠷᠳᠡᠮ ᠰᠢᠨᠵᠢᠯᠡᠭᠡᠨ ᠦ ᠰᠡᠳᠬᠦᠯ ᠤᠨ ᠨᠠᠢ᠌ᠢᠷᠠᠭᠤᠯᠤᠭᠴᠢ ᠶᠢᠨ ᠰᠡᠳᠬᠢᠴᠡ ᠶᠢᠨ ᠬᠡᠪ ᠴᠢᠨᠠᠷ ᠪᠤᠯ ᠤᠷᠳᠤ ᠤᠳᠠᠭᠠᠨ ᠬᠤᠭᠤᠴᠠᠭᠠᠨ ᠦ ᠨᠠᠢ᠌ᠷᠠᠭᠤᠯᠬᠤ ᠠᠵᠢᠯ ᠤᠨ ᠶᠠᠪᠤᠴᠠ ᠳᠤ ᠪᠦᠷᠢᠯᠳᠦᠨ ᠲᠤᠭᠳᠠᠳᠠᠭ ᠰᠡᠳᠬᠢᠴᠡ ᠶᠢᠨ ᠬᠡᠪ ᠴᠢᠨᠠᠷ ᠪᠤᠯᠤᠨ᠎ᠠ᠃ ᠲᠡᠷᠡ ᠨᠢ ᠲᠤᠬᠠᠢ᠌ᠯᠠᠭᠰᠠᠨ ᠠᠵᠢᠯ ᠪᠠ ᠠᠵᠢᠯ ᠮᠡᠷᠬᠡᠵᠢᠯ ᠤᠨ ᠬᠤᠷᠴᠠ ᠲᠤᠳᠤᠷᠬᠠᠢ ᠤᠨᠴᠠᠯᠢᠭ ᠢ ᠬᠠᠳᠠᠭᠠᠯᠠᠵᠤ ᠪᠠᠢ᠌ᠳᠠᠭ᠃ ᠡᠭᠦᠨ ᠳᠤ ᠬᠠᠮᠤᠭ ᠤᠨ ᠦᠨᠳᠦᠰᠦᠨ ᠢᠯᠡᠷᠡᠯ ᠬᠡᠪᠡᠯ ᠨᠠᠢ᠌ᠷᠠᠭᠤᠯᠬᠤ ᠠᠵᠢᠯ ᠳᠤ ᠢᠮᠠᠭᠲᠠ ᠦᠨᠡᠨ ᠢ ᠡᠷᠬᠢᠮᠯᠡᠬᠦ᠂ ᠰᠢᠨ᠎ᠡ ᠰᠡᠪᠡᠭᠦᠨ ᠢ ᠡᠷᠬᠢᠮᠯᠡᠬᠦ᠂ ᠦᠪᠡᠷᠮᠢᠴᠡ ᠤᠨᠴᠠᠭᠠᠢ ᠶᠢ ᠡᠷᠬᠢᠮᠯᠡᠬᠦ᠂ ᠤᠬᠢ ᠰᠢᠯᠢᠳᠡᠭ ᠢ ᠡᠷᠬᠢᠮᠯᠡᠬᠦ ᠲᠦᠪ ᠴᠢᠩᠭ᠎ᠠ ᠠᠵᠢᠯ ᠤᠨ ᠤᠪᠤᠷ ᠪᠠ ᠬᠤᠷᠴᠠ ᠲᠤᠳᠤᠷᠬᠠᠢ ᠰᠡᠳᠬᠢᠴᠡ ᠲᠠᠢ ᠪᠠᠢ᠌ᠬᠤ ᠶᠠᠪᠤᠳᠠᠯ ᠪᠤᠯᠤᠨ᠎ᠠ᠃ |