Paper Information


Title ᠦᠪᠦᠷ ᠮᠣᠩ᠋ᠭᠤᠯ ᠤᠨ ᠵᠠᠰᠠᠭ ᠵᠠᠬᠢᠷᠭᠠᠨ ᠤ ᠣᠷᠤᠨ ᠤ ᠨᠢᠭᠡᠴᠡ ᠶᠢᠨ ᠨᠡᠷᠡᠢ᠌ᠳᠦᠯ ᠳᠡᠬᠢ ᠰᠤᠶᠤᠯ ᠤᠨ ᠠᠭᠤᠯᠬᠤᠨ
Creator ᠰᠤᠶᠤᠯ
Keyword ᠵᠠᠰᠠᠭ ᠵᠠᠬᠢᠷᠭᠠᠨ ᠤ ᠣᠷᠤᠨ ᠪᠤᠯ ᠤᠯᠤᠰ ᠠᠴᠠ ᠲᠤᠬᠠᠢ ᠶᠢᠨ ᠣᠷᠤᠨ ᠤ ᠪᠠᠢ᠌ᠳᠠᠯ ᠳᠤ ᠲᠤᠬᠢᠷᠠᠭᠤᠯᠤᠨ᠂ ᠱᠠᠲᠤᠯᠠᠨ ᠬᠠᠮᠢᠶᠠᠷᠬᠤ ᠵᠤᠷᠢᠯᠭ᠎ᠠ ᠪᠠᠷ ᠬᠤᠪᠢᠶᠠᠷᠢᠯᠠᠨ ᠬᠡᠷᠡᠭᠵᠢᠭᠦᠯᠦᠭᠰᠡᠨ ᠭᠠᠵᠠᠷ ᠣᠷᠤᠨ ᠤ ᠨᠢᠭᠡᠴᠡ ᠪᠡ ᠵᠤᠬᠢᠶᠠᠨ ᠪᠠᠢ᠌ᠭᠤᠯᠤᠯᠲᠠ ᠶᠢᠨ ᠬᠡᠯᠪᠡᠷᠢ ᠮᠦᠨ᠃ ᠭᠡᠪᠡᠴᠦ ᠲᠡᠷᠡ ᠨᠢ ᠳᠠᠩ ᠭᠠᠭᠴᠠ ᠪᠠᠢ᠌ᠭᠠᠯᠢ ᠭᠠᠵᠠᠷ ᠵᠤᠢ ᠶᠢᠨ ᠠᠭᠤᠯᠠᠬᠤᠨ ᠪᠢᠰᠢ᠂ ᠨᠡᠩ ᠴᠢᠬᠤᠯᠠ ᠨᠢ ᠤᠯᠤᠰ ᠲᠦᠷᠦ᠂ ᠠᠵᠤ ᠠᠬᠤᠢ᠂ ᠨᠡᠢ᠌ᠭᠡᠮ ᠰᠤᠶᠤᠯ ᠤᠨ ᠶᠡᠷᠦᠩᠬᠡᠢ ᠴᠤᠭᠴᠠ ᠪᠤᠯᠤᠨ᠎ᠠ᠃ ᠲᠤᠰ ᠦᠭᠦᠯᠡᠯ ᠳᠦ ᠰᠤᠶᠤᠯ ᠬᠡᠯᠡ ᠰᠢᠨᠵᠢᠯᠡᠯ ᠦᠨ ᠠᠷᠭ᠎ᠠ ᠪᠠᠷ ᠦᠪᠦᠷ ᠮᠣᠩ᠋ᠭᠤᠯ ᠤᠨ ᠦᠪᠡᠷᠲᠡᠭᠡᠨ ᠵᠠᠰᠠᠬᠤ ᠣᠷᠤᠨ ᠤ ᠵᠠᠰᠠᠭ ᠵᠠᠬᠢᠷᠭᠠᠨ ᠤ ᠣᠷᠤᠨ ᠤ ᠨᠢᠭᠡᠴᠡ ᠶᠢᠨ ᠨᠡᠷᠡᠢ᠌ᠳᠦᠯ ᠳᠡᠬᠢ ᠰᠤᠶᠤᠯ ᠤᠨ ᠠᠭᠤᠯᠬᠤᠨ ᠢ ᠰᠢᠨᠵᠢᠯᠡᠵᠦ᠂ ᠦᠪᠦᠷ ᠮᠣᠩ᠋ᠭᠤᠯ ᠤᠨ ᠵᠠᠰᠠᠭ ᠵᠠᠬᠢᠷᠭᠠᠨ ᠤ ᠣᠷᠤᠨ ᠤ ᠬᠤᠪᠢᠶᠠᠷᠢᠯᠠᠯ ᠪᠤᠯ ᠮᠣᠩ᠋ᠭᠤᠯᠴᠤᠳ ᠤᠨ ᠠᠵᠤ ᠠᠬᠤᠢ ᠶᠢᠨ ᠰᠤᠶᠤᠯ ᠤᠨ ᠣᠨᠴᠠᠯᠢᠭ ᠢᠶᠠᠷ ᠭᠤᠤᠯ ᠦᠨᠳᠦᠰᠦᠯᠡᠯ ᠪᠤᠯᠭᠠᠭᠰᠠᠨ ᠦᠨᠳᠦᠰᠦᠲᠡᠨ ᠦ ᠣᠷᠤᠨ ᠤ ᠦᠪᠡᠷᠮᠢᠴᠡ ᠣᠨᠴᠠᠯᠢᠭ ᠪᠦᠬᠦᠢ ᠬᠤᠪᠢᠶᠠᠷᠢᠯᠠᠯ ᠮᠦᠷᠲᠡᠭᠡᠨ ᠮᠣᠩ᠋ᠭᠤᠯᠴᠤᠳ ᠤᠨ ᠦᠢᠯᠡᠳᠪᠦᠷᠢᠯᠡᠯ ᠠᠮᠢᠳᠤᠷᠠᠯ ᠤᠨ ᠵᠤᠬᠢᠶᠠᠨ ᠪᠠᠢ᠌ᠭᠤᠯᠤᠯᠲᠠ ᠶᠢᠨ ᠬᠡᠯᠪᠡᠷᠢ ᠪᠡ ᠴᠡᠷᠢᠭ ᠠᠩᠭᠢ ᠶᠢᠨ ᠵᠤᠬᠢᠶᠠᠨ ᠪᠠᠢ᠌ᠭᠤᠯᠤᠯᠲᠠ ᠶᠢᠨ ᠬᠡᠯᠪᠡᠷᠢ ᠡᠴᠡ ᠢᠷᠡᠯᠲᠡ ᠲᠡᠢ ᠪᠠᠢ᠌ᠳᠠᠭ᠃ ᠡᠳᠡᠭᠡᠷ ᠨᠡᠷᠡᠢ᠌ᠳᠦᠯ ᠦᠨ ᠤᠳᠬ᠎ᠠ ᠶᠢᠨ ᠤᠯᠠᠷᠢᠯ ᠬᠤᠪᠢᠰᠤᠯ ᠨᠢ ᠮᠣᠩ᠋ᠭᠤᠯᠴᠤᠳ ᠤᠨ ᠠᠤ ᠠᠬᠤᠢ᠂ ᠠᠩ ᠠᠩᠨᠠᠯ — ᠨᠡᠭᠦᠳᠡᠯ ᠮᠠᠯᠵᠢᠯ — ᠰᠠᠭᠤᠷᠢᠰᠢᠯ ᠮᠠᠯᠵᠢᠯ ᠪᠤᠶᠤ ᠰᠠᠭᠤᠷᠢᠰᠢᠯ ᠲᠠᠷᠢᠶᠠᠯᠠᠯ ᠭᠡᠬᠦ ᠮᠡᠲᠦ ᠶᠢᠨ ᠦᠢᠯᠡᠳᠪᠦᠷᠢᠯᠡᠯ ᠦᠨ ᠬᠤᠪᠢᠷᠠᠯᠲᠠ ᠪᠠ ᠰᠤᠶᠤᠯ ᠤᠨ ᠬᠦᠭ᠍ᠵᠢᠯᠲᠡ ᠲᠡᠢ ᠨᠢᠭᠡᠲᠦᠯᠲᠡᠢ ᠪᠠᠢ᠌ᠬᠤ ᠶᠢ ᠦᠭᠦᠯᠡᠨ ᠲᠤᠳᠤᠷᠬᠠᠢ᠌ᠯᠠᠵᠠᠢ᠃
Abstract
Original Literature View Original Paper
出自 内蒙古师范大学学报 2005年 第3期

联系我们


内蒙古大学图书馆
呼和浩特市大学西路235号
中国·内蒙古
P: (0471) 4992561
E: huangfeilong@imu.edu.cn