Paper Information


Title ᠣᠢᠷᠠᠳ ᠳᠤᠮᠤᠭ ᠤᠨ ᠰᠤᠳᠤᠯᠭᠠᠨ ᠤ ᠲᠤᠢᠮᠤ ᠲᠤᠭᠠᠴᠢᠯ
Creator ᠵᠠᠯᠭᠠᠬᠦᠦ
Keyword ᠣᠢᠷᠠᠳ ᠳᠤᠮᠤᠭ; ᠰᠤᠳᠤᠯᠭᠠᠨ; ᠲᠤᠢᠮᠤ ᠲᠤᠭᠠᠴᠢᠯ
Abstract ᠲᠤᠰ ᠦᠭᠦᠯᠡᠯ ᠳᠦ᠂ ᠣᠢᠷᠠᠳ ᠳᠤᠮᠤᠭ ᠤᠨ ᠰᠤᠳᠤᠯᠭᠠᠨ ᠤ ᠪᠠᠢᠳᠠᠯ ᠢ ᠡᠮᠬᠢᠳᠭᠡᠨ ᠴᠤᠭᠯᠠᠭᠤᠯᠤᠭᠰᠠᠨ ᠪᠠ ᠰᠤᠳᠤᠯᠤᠨ ᠰᠢᠨᠵᠢᠯᠡᠭᠰᠡᠨ ᠭᠡᠬᠦ ᠬᠤᠶᠠᠷ ᠲᠠᠯ᠎ᠠ ᠠᠴᠠ ᠦᠭᠦᠯᠡᠨ ᠲᠠᠨᠢᠯᠴᠠᠭᠤᠯᠵᠠᠢ᠃ ᠮᠣᠩᠭᠤᠯ ᠳᠤᠮᠤᠭ ᠤᠨ ᠰᠤᠳᠤᠯᠭᠠᠨ ᠤ ᠰᠠᠯᠵᠤ ᠪᠤᠯᠤᠰᠢ ᠦᠭᠡᠢ ᠨᠢᠭᠡᠨ ᠪᠦᠷᠢᠯᠳᠦᠭᠦᠨ ᠬᠡᠰᠡᠭ ᠪᠤᠯᠤᠭᠰᠠᠨ ᠣᠢᠷᠠᠳ ᠳᠤᠮᠤᠭ ᠢ ᠡᠷᠳᠡᠮᠲᠡᠳ ᠠᠩᠬᠠᠷᠤᠯ ᠳᠤ ᠪᠠᠨ ᠠᠪᠴᠤ ᠡᠮᠬᠢᠳᠭᠡᠨ ᠴᠤᠭᠯᠠᠭᠤᠯᠵᠤ᠂ ᠰᠤᠳᠤᠯᠵᠤ ᠰᠢᠨᠵᠢᠯᠡᠭᠰᠡᠭᠡᠷ ᠢᠷᠡᠭᠰᠡᠨ ᠪᠤᠯᠪᠠᠴᠤ ᠨᠡᠢᠲᠡ ᠮᠣᠩᠭᠤᠯ ᠳᠤᠮᠤᠭ ᠲᠤ ᠣᠷᠤᠭᠤᠯᠵᠤ ᠶᠡᠷᠦᠩᠬᠡᠶᠢᠯᠡᠨ ᠰᠤᠳᠤᠯᠤᠭᠰᠠᠨ ᠨᠢ ᠢᠯᠡᠭᠦᠦ᠂ ᠬᠠᠷᠢᠨ ᠲᠤᠰᠬᠠᠢ ᠰᠡᠳᠦᠪᠲᠦ ᠰᠤᠳᠤᠯᠭᠠᠨ ᠤ ᠪᠦᠲᠦᠭᠡᠯ ᠪᠠᠰᠠ ᠮᠠᠰᠢ ᠴᠦᠬᠡᠨ ᠪᠠᠢᠨ᠎ᠠ᠃ ᠡᠢᠮᠦ ᠡᠴᠡ ᠪᠢᠳᠡ ᠣᠢᠷᠠᠳ ᠳᠤᠮᠤᠭ ᠢ ᠲᠤᠰᠬᠠᠢ ᠰᠡᠳᠦᠪ ᠢᠶᠡᠷ ᠰᠤᠳᠤᠯᠬᠤ ᠨᠢ ᠣᠢᠷᠠᠳ ᠳᠤᠮᠤᠭ ᠤᠨ ᠰᠤᠳᠤᠯᠭᠠᠨ ᠲᠡᠳᠦᠢ ᠦᠭᠡᠢ᠂ ᠪᠦᠬᠦᠢᠯᠡ ᠮᠣᠩᠭᠤᠯ ᠳᠤᠮᠤᠭ ᠤᠨ ᠰᠤᠳᠤᠯᠭᠠᠨ ᠢ ᠠᠭᠢᠭᠤᠯᠬᠤ ᠳᠤ ᠮᠠᠰᠢ ᠴᠢᠬᠤᠯᠠ ᠠᠬᠤᠢᠴᠢ ᠠᠴᠢ ᠬᠤᠯᠪᠤᠭᠳᠠᠯ ᠲᠠᠢ ᠪᠤᠯᠤᠨ᠎ᠠ ᠭᠡᠵᠦ ᠦᠵᠡᠭᠰᠡᠨ ᠪᠠᠢᠨ᠎ᠠ᠃
Original Literature No Original Paper
出自 西部蒙古论坛 2015年 第2期

联系我们


内蒙古大学图书馆
呼和浩特市大学西路235号
中国·内蒙古
P: (0471) 4992561
E: huangfeilong@imu.edu.cn