Paper Information


Title ᠬᠦᠷᠢᠶ ᠠ ᠲᠡᠳ᠋ ᠠᠮᠠᠨ ᠠᠶᠠᠯᠭᠤᠨ ᠤ ᠨᠡᠢᠯᠡᠮᠡᠯ ᠦᠭᠡ ᠶᠢᠨ ᠲᠤᠬᠠᠢ ᠰᠢᠨᠵᠢᠯᠡᠭᠡ
Creator ᠰᠢᠤ ᠬᠤᠸᠠ
Keyword ᠬᠦᠷᠢᠶ ᠠ ᠲᠡᠳ᠋ ᠠᠮᠠᠨ ᠠᠶᠠᠯᠭᠤ; ᠨᠡᠢᠯᠡᠮᠡᠯ ᠦᠭᠡ; ᠣᠨᠴᠠᠯᠢᠭ ᠰᠢᠨᠵᠢ
Abstract ᠬᠦᠷᠢᠶ ᠠ ᠲᠡᠳ᠋ ᠠᠮᠠᠨ ᠠᠶᠠᠯᠭᠤᠨ ᠳ᠋ᠤ ᠬᠦᠷᠢᠶ ᠠ ᠮᠣᠩᠭᠤᠯᠴᠤᠳ ᠤᠨ ᠠᠵᠤ ᠠᠮᠢᠳᠤᠷᠠᠯ᠂ ᠵᠠᠩ ᠵᠠᠩᠰᠢᠯ ᠢ ᠲᠤᠰᠬᠠᠭᠰᠠᠨ ᠦᠪᠡᠷᠮᠢᠴᠡ ᠣᠨᠴᠠᠯᠢᠭ ᠲᠠᠢ ᠨᠡᠢᠯᠡᠮᠡᠯ ᠦᠭᠡ ᠲᠤᠩ ᠤᠯᠠᠨ ᠪᠠᠢᠳᠠᠭ᠃ ᠡᠳᠡᠭᠡᠷ ᠨᠡᠢᠯᠡᠮᠡᠯ ᠦᠭᠡᠰ ᠨᠢ ᠬᠦᠷᠢᠶ ᠠ ᠮᠣᠩᠭᠤᠯᠴᠤᠳ ᠤᠨ ᠪᠠᠢᠭᠠᠯᠢ ᠣᠷᠴᠢᠨ᠂ ᠤᠷᠤᠨ ᠰᠠᠭᠤᠴᠠ᠂ ᠲᠠᠷᠢᠶᠠᠯᠠᠩ ᠦᠢᠯᠡᠳᠪᠦᠷᠢᠯᠡᠯ᠂ ᠮᠠᠯ ᠮᠠᠯᠵᠢᠯ᠂ ᠵᠠᠩ ᠵᠠᠩᠰᠢᠯ ᠵᠡᠷᠭᠡ ᠤᠯᠠᠨ ᠵᠦᠢᠯ ᠤᠨ ᠠᠭᠤᠯᠭ᠎ᠠ ᠵᠢ ᠲᠤᠰᠬᠠᠵᠤ ᠪᠠᠢᠳᠠᠭ᠃ ᠬᠦᠷᠢᠶ ᠡ ᠲᠡᠳ᠋ ᠠᠮᠠᠨ ᠠᠶᠠᠯᠭᠤᠨ ᠤ ᠨᠡᠢᠯᠡᠮᠡᠯ ᠦᠭᠡ ᠵᠢ ᠨᠠᠷᠢᠨ ᠰᠢᠨᠵᠢᠯᠡᠵᠦ᠂ ᠲᠡᠭᠦᠨ ᠤ ᠣᠨᠴᠠᠯᠢᠭ ᠰᠢᠨᠵᠢ ᠵᠢ ᠲᠤᠳᠤᠷᠬᠠᠢᠯᠠᠬᠤ ᠨᠢ ᠮᠣᠩᠭᠤᠯ ᠬᠡᠯᠡ ᠠᠶᠠᠯᠭᠤᠨ ᠤ ᠦᠭᠡᠰ ᠤᠨ ᠰᠠᠩ ᠤᠨ ᠬᠦᠭᠵᠢᠯ ᠤᠨ ᠵᠢᠮ ᠠ ᠬᠠᠤᠯᠢ ᠵᠢ ᠲᠤᠳᠤᠷᠠᠭᠤᠯᠤᠨ ᠭᠠᠷᠭᠠᠬᠤ ᠳ᠋ᠤ ᠴᠢᠬᠤᠯ ᠠᠴᠢ ᠬᠤᠯᠪᠤᠭᠳᠠᠯ ᠲᠠᠢ ᠮᠦᠷᠲᠡᠭᠡᠨ ᠬᠦᠷᠢᠶ ᠠ ᠮᠣᠩᠭᠤᠯᠴᠤᠳ ᠤᠨ ᠦᠢᠯᠡᠳᠪᠦᠷᠢᠯᠡᠯ ᠠᠮᠢᠳᠤᠷᠠᠯ ᠪᠠ ᠲᠡᠦᠭᠡ ᠰᠣᠶᠣᠯ ᠤᠨ ᠬᠦᠭᠵᠢᠯᠲᠡ ᠶᠢᠨ ᠪᠠᠢᠳᠠᠯ ᠢ ᠤᠢᠯᠠᠭᠠᠬᠤ ᠳ᠋ᠤ ᠲᠤᠰᠠᠯᠠᠬᠤ ᠦᠢᠯᠡᠳᠦᠯ ᠲᠠᠢ ᠶᠣᠮ᠃ ᠲᠤᠰ ᠦᠭᠦᠯᠡᠯ ᠳ᠋ᠤ ᠬᠦᠷᠢᠶ ᠠ ᠲᠡᠳ᠋ ᠠᠮᠠᠨ ᠠᠶᠠᠯᠭᠤᠨ ᠤ ᠨᠡᠢᠯᠡᠮᠡᠯ ᠦᠭᠡᠢ ᠵᠢ ᠰᠢᠨᠵᠢᠯᠡᠵᠦ᠂ ᠲᠡᠭᠦᠨ ᠤ ᠪᠦᠲᠦᠴᠡ ᠪᠦᠷᠢᠯᠳᠦᠬᠦᠨ᠂ ᠣᠨᠴᠠᠯᠢᠭ ᠰᠢᠨᠵᠢ ᠵᠢ ᠵᠠᠳᠠᠯᠵᠤ ᠲᠤᠳᠤᠷᠬᠠᠢᠯᠠᠭᠰᠠᠨ ᠪᠠᠢᠨ᠎ᠠ᠃
Original Literature View Original Paper
出自 内蒙古大学学报 2019年 第4期

联系我们


内蒙古大学图书馆
呼和浩特市大学西路235号
中国·内蒙古
P: (0471) 4992561
E: huangfeilong@imu.edu.cn