Paper Information


Title ᠦᠪᠦᠷ ᠮᠤᠩᠭ᠋ᠤᠯ ᠤᠨ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠢ᠌ᠭᠤᠯᠤᠯᠳᠠ ᠶᠢᠨ ᠲᠤᠬᠠᠢ ᠦᠭᠦᠯᠡᠬᠦ ᠨᠢ
Creator ᠫᠷᠤᠹᠸᠰᠰᠤᠷ ᠲᠦᠩ ᠹᠠᠨ
Keyword ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠢ᠌ᠭᠤᠯᠤᠯᠳᠠ; ᠬᠠᠮᠢᠶᠠᠷᠤᠯᠳᠠ ᠶᠢᠨ ᠰᠢᠰᠲ᠋ᠸᠮ; ᠠᠵᠢᠯᠯᠠᠭᠠᠨ ᠤ ᠰᠢᠰᠲ᠋ᠸᠮ; ᠬᠠᠮᠠᠭᠠᠯᠠᠯᠳᠠ ᠶᠢᠨ ᠰᠢᠰᠲ᠋ᠸᠮ
Abstract ᠤᠢ᠌ᠷ᠎ᠠ ᠶᠢᠨ ᠵᠢᠯ ᠳᠤ᠂ ᠦᠪᠦᠷ ᠮᠤᠨᠭ᠋ᠤᠯ ᠤᠨ ᠨᠠᠮ ᠵᠠᠰᠠᠭ ᠡᠴᠡ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠢ᠌ᠭᠤᠯᠤᠯᠳᠠ ᠪᠠ ᠠᠮᠢ ᠠᠬᠤᠢ ᠶᠢᠨ ᠬᠠᠮᠠᠭᠠᠯᠠᠯᠳᠠ ᠶᠢ ᠴᠢᠬᠤᠯᠠᠴᠢᠯᠠᠵᠤ᠂ ᠵᠤᠬᠢᠬᠤ ᠠᠷᠭ᠎ᠠ ᠪᠤᠳᠤᠯᠭ᠎ᠠ ᠠᠪᠤᠭᠰᠠᠨ ᠡᠴᠡ ᠠᠮᠢ ᠠᠬᠤᠢ ᠶᠢᠨ ᠤᠷᠴᠢᠨ ᠲᠤᠭᠤᠷᠢᠨ ᠳᠤ ᠲᠤ᠌ᠩ ᠶᠡᠬᠡ ᠰᠡᠷᠭᠦᠯᠳᠡ ᠰᠠᠢ᠌ᠵᠢᠷᠠᠯᠳᠠ ᠶᠢᠨ ᠪᠠᠢ᠌ᠳᠠᠯ ᠭᠠᠷᠤᠭᠰᠠᠨ ᠪᠠᠢ᠌ᠨ᠎ᠠ᠃ ᠭᠡᠪᠡᠴᠦ ᠮᠦᠨ ᠬᠦ ᠦᠷᠭᠦᠯᠵᠢ ᠶᠢᠨ ᠴᠢᠨᠠᠷ ᠲᠠᠢ ᠬᠠᠮᠠᠭᠠᠯᠠᠯᠳᠠ ᠶᠢᠨ ᠠᠵᠢᠯᠯᠠᠭ᠎ᠠ ᠱᠠᠭᠠᠷᠳᠠᠭᠳᠠᠵᠤ ᠪᠠᠢ᠌ᠬᠤ ᠮᠦᠷᠳᠡᠭᠡᠨ ᠪᠠᠰᠠ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠢ᠌ᠭᠤᠯᠤᠯᠳᠠ ᠶᠢᠨ ᠬᠠᠮᠢᠶᠠᠷᠤᠯᠳᠠ ᠶᠢᠨ ᠰᠢᠰᠲ᠋ᠸᠮ᠂ ᠠᠵᠢᠯᠯᠠᠭᠠᠨ ᠤ ᠰᠢᠰᠲ᠋ᠮ᠂ ᠬᠠᠮᠠᠭᠠᠯᠠᠯᠳᠠ ᠶᠢᠨ ᠰᠢᠰᠲ᠋ᠸᠮ ᠵᠡᠷᠭᠡ ᠲᠠᠯ᠎ᠠ ᠳᠤ ᠰᠢᠢᠳᠪᠦᠷᠢᠯᠡᠬᠦ ᠴᠢᠬᠤᠯᠠᠳᠠᠢ ᠠᠰᠠᠭᠤᠳᠠᠯ ᠤᠷᠤᠰᠢᠭᠰᠠᠭᠠᠷ᠃ ᠨᠠᠮ ᠵᠠᠰᠠᠭ ᠡᠴᠡ ᠲᠤᠭᠳᠠᠭᠠᠭᠰᠠᠨ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠢ᠌ᠭᠤᠯᠤᠯᠳᠠ ᠶᠢᠨ ᠰᠢᠨ᠎ᠡ ᠰᠡᠳᠭᠢᠬᠦᠢ᠂ ᠰᠢᠨ᠎ᠡ ᠮᠠᠭᠠᠳᠯᠠᠯ ᠨᠢ ᠤᠳᠤᠬᠠᠨ ᠳᠤ ᠤᠷᠤᠰᠢᠵᠤ ᠪᠠᠢ᠌ᠭ᠎ᠠ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠢ ᠰᠢᠢᠳᠪᠦᠷᠢᠯᠡᠬᠦ ᠳᠤ ᠴᠢᠭ᠍ᠯᠡᠯ ᠪᠠ ᠠᠷᠭ᠎ᠠ ᠵᠠᠮ ᠢ ᠵᠢᠭᠠᠨ ᠦᠭᠴᠦ᠂ ᠦᠪᠦᠷ ᠮᠤᠩᠭ᠋ᠤᠯ ᠤᠨ ᠠᠮᠢ ᠠᠬᠤᠢ ᠶᠢᠨ ᠪᠤᠯᠠᠪᠠᠰᠤᠨ ᠤ ᠪᠦᠳᠦᠭᠡᠨ ᠪᠠᠢ᠌ᠭᠤᠯᠤᠯᠳᠠ ᠶᠢᠨ ᠠᠬᠢᠴᠠ ᠶᠢ ᠤᠯᠠᠮ ᠢᠯᠡᠭᠦᠦ ᠲᠦᠷᠭᠡᠳᠭᠡᠬᠦ ᠨᠢ ᠲᠠᠮᠵᠢᠭ ᠦᠭᠡᠢ᠃
Original Literature View Original Paper
出自 内蒙古社会科学(蒙文版) 2016年 第1期

联系我们


内蒙古大学图书馆
呼和浩特市大学西路235号
中国·内蒙古
P: (0471) 4992561
E: huangfeilong@imu.edu.cn