Paper Information


Title ᠯᠢᠭᠳᠡᠨ ᠬᠠᠭᠠᠨ ᠤ ᠠᠯᠲᠠᠨ 《ᠭᠠᠨᠵᠤᠤᠷ》᠋ ᠢ ᠪᠦᠲᠦᠭᠡᠯᠭᠡᠭ᠍ᠰᠡᠨ ᠬᠢᠭᠡᠳ ᠲᠡᠭᠦᠨ ᠦ ᠮᠤᠨᠭᠭᠤᠯ ᠰᠤᠶᠤᠯ ᠳᠤ ᠦᠵᠡᠭᠦᠯᠦᠭᠰᠡᠨ ᠠᠴᠢ ᠭᠠᠪᠢᠶ᠎ᠠ ᠶᠢᠨ ᠲᠤᠬᠠᠢ
Creator ᠳᠡᠯᠭᠡᠷ
Keyword ᠯᠢᠭᠳᠡᠨ ᠬᠠᠭᠠᠨ; ᠠᠯᠲᠠᠨ ᠭᠠᠨᠵᠤᠤᠷ; ᠮᠤᠨᠭᠭᠤᠯ ᠰᠤᠶᠤᠯ; ᠠᠴᠢ ᠭᠠᠪᠢᠶ᠎ᠠ
Abstract ᠲᠤᠰ ᠦᠭᠦᠯᠡᠯ ᠳᠦ 《ᠭᠠᠨᠵᠤᠤᠷ》᠋ ᠤᠨ ᠬᠡᠳᠦ ᠤᠳᠠᠭᠠᠨ ᠤ ᠮᠤᠨᠭᠭᠤᠯ ᠤᠷᠴᠢᠭᠤᠯᠭ᠎ᠠ ᠶᠢᠨ ᠲᠤᠬᠠᠢ ᠲᠤᠪᠴᠢ ᠲᠠᠨᠢᠯᠴᠠᠭᠤᠯᠵᠤ᠂ ᠯᠢᠭᠳᠡᠨ ᠬᠠᠭᠠᠨ ᠤ ᠠᠯᠲᠠᠨ 《ᠭᠠᠨᠵᠤᠤᠷ》᠋ ᠢ ᠪᠦᠲᠦᠭᠡᠯᠭᠡᠭ᠍ᠰᠡᠨ ᠶᠠᠪᠤᠳᠠᠯ ᠪᠤᠯ 《ᠭᠠᠨᠵᠤᠤᠷ》᠋ ᠤᠨ ᠬᠤᠶᠠᠳᠠᠬᠢ ᠤᠳᠠᠭᠠᠨ ᠤ ᠮᠤᠨᠭᠭᠤᠯ ᠪᠥᠷᠢᠨ ᠤᠷᠴᠢᠭᠤᠯᠭ᠎ᠠ ᠶᠢ ᠭᠦᠢᠴᠡᠳᠭᠡᠵᠦ᠂ ᠤᠮᠠᠷᠠᠲᠤ ᠶᠤᠸᠠᠨ ᠤ ᠦᠶ᠎ᠡ ᠶᠢᠨ ᠮᠤᠨᠭᠭᠤᠯ ᠰᠤᠶᠤᠯ ᠤᠨ ᠰᠡᠷᠭᠦᠨ ᠮᠠᠨᠳᠤᠯᠲᠠ᠂ ᠪᠤᠷᠬᠠᠨ ᠤ ᠱᠠᠰᠢᠨ ᠤ ᠮᠤᠨᠭᠭᠤᠯ ᠤᠷᠤᠨ ᠳᠤ ᠤᠯᠠᠮ ᠴᠢᠨᠠᠭᠰᠢᠲᠠ ᠭᠦᠨᠵᠡᠭᠡᠶᠢᠷᠡᠨ ᠳᠡᠯᠭᠡᠷᠡᠬᠦ ᠪᠡ ᠠᠷᠪᠠᠨ ᠳᠤᠯᠤᠳᠤᠭᠠᠷ ᠵᠠᠭᠤᠨ ᠤ ᠮᠤᠨᠭᠭᠤᠯ ᠬᠡᠯᠡ ᠪᠢᠴᠢᠭ᠌ ᠦᠨ ᠳᠦᠷᠢᠮᠵᠢᠯ ᠵᠡᠷᠭᠡ ᠶᠢ ᠶᠡᠬᠡᠪᠡᠷ ᠲᠦᠯᠬᠢᠨ ᠠᠬᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠮᠤᠨᠭᠭᠤᠯ ᠦᠰᠦᠭ ᠪᠢᠴᠢᠭ᠌ ᠦᠨ ᠨᠡᠶᠢᠭᠡᠮ ᠦᠨ ᠪᠤᠳᠠᠳᠤ ᠬᠡᠷᠡᠭᠯᠡᠭᠡᠨ ᠢ ᠴᠢᠬᠤᠯᠠᠴᠢᠯᠠᠵᠤ᠂ ᠬᠡᠯᠡ ᠰᠢᠨᠵᠢᠯᠡᠯ ᠦᠨ ᠦᠨᠡᠲᠦ ᠮᠠᠲ᠋ᠧᠷᠢᠶᠠᠯ ᠤᠨ ᠬᠦᠮᠦᠷᠭᠡ ᠶᠢ ᠪᠦᠲᠦᠭᠡᠵᠦ᠂ ᠤᠯᠠᠮᠵᠢᠯᠠᠯᠲᠤ ᠤᠷᠴᠢᠭᠤᠯᠭ᠎ᠠ ᠪᠤᠯᠤᠨ ᠬᠡᠪᠯᠡᠯ ᠦᠨ ᠦᠢᠯᠡᠰ ᠢ ᠰᠡᠷᠭᠦᠭᠡᠨ ᠮᠠᠨᠳᠤᠭᠤᠯᠵᠤ᠂ ᠤᠯᠠᠮᠵᠢᠯᠠᠯᠲᠤ ᠮᠤᠨᠭᠭᠤᠯ ᠤᠷᠠᠨ ᠵᠢᠷᠤᠭ᠂ ᠤᠷᠠᠨ ᠪᠢᠴᠢᠯᠭᠡ᠂ ᠬᠤᠪᠤᠷ ᠦᠨᠡᠲᠦ ᠮᠤᠨᠭᠭᠤᠯ ᠰᠤᠷᠪᠤᠯᠵᠢ ᠪᠢᠴᠢᠭ᠌ ᠪᠦᠲᠦᠭᠡᠬᠦ᠂ ᠤᠴᠠᠭᠠᠢ ᠴᠠᠭᠠᠰᠤ ᠬᠢᠬᠦ᠂ ᠦᠨᠡᠲᠦ ᠪᠤᠳᠤᠭ ᠤᠷᠤᠭᠤᠯᠬᠤ ᠵᠡᠷᠭᠡ ᠤᠷ᠎ᠠ ᠮᠡᠷᠭᠡᠵᠢᠯ ᠢ ᠵᠠᠯᠭᠠᠮᠵᠢᠯᠠᠨ ᠬᠦᠭ᠍ᠵᠢᠭᠦᠯᠦᠭᠰᠡᠨ ᠭᠡᠵᠦ ᠯᠢᠭᠳᠡᠨ ᠬᠠᠭᠠᠨ ᠤ ᠮᠤᠨᠭᠭᠤᠯ ᠰᠤᠶᠤᠯ ᠳᠤ ᠦᠵᠡᠭᠦᠯᠦᠭᠰᠡᠨ ᠠᠴᠢ ᠭᠠᠪᠢᠶ᠎ᠠ ᠶᠢ ᠬᠡᠳᠦᠨ ᠲᠠᠯ᠎ᠠ ᠪᠠᠷ ᠲᠤᠷᠰᠢᠨ ᠦᠨᠡᠯᠡᠭᠰᠡᠨ ᠪᠠᠶᠢᠨ᠎ᠠ᠃
Original Literature View Original Paper
出自 内蒙古大学学报 2010年 第4期

联系我们


内蒙古大学图书馆
呼和浩特市大学西路235号
中国·内蒙古
P: (0471) 4992561
E: huangfeilong@imu.edu.cn