Paper Information


Title ᠬᠣᠲᠠ ᠶᠢᠨ ᠬᠠᠮᠢᠶᠠᠷᠤᠯᠳᠠ ᠳ᠋ᠡᠬᠢ ᠬᠦᠴᠦᠷᠭᠡᠭ᠍ᠯᠡᠯᠲᠦ ᠬᠠᠤᠯᠢ ᠬᠡᠷᠡᠭᠵᠢᠭᠦᠯᠦᠯᠲᠡ ᠵᠢ ᠵᠠᠰᠠᠭ ᠵᠠᠬᠢᠷᠭᠠᠨ ᠤ ᠬᠠᠤᠯᠢ ᠶᠢᠨ ᠡᠭᠦᠳᠡᠨ ᠡᠴᠡ ᠵᠠᠳᠠᠯᠬᠤ ᠨᠢ
Creator ᠤᠶᠤᠨᠲ᠋ᠣᠯᠢ
Keyword ᠬᠣᠳᠠ ᠶᠢᠨ ᠬᠠᠮᠢᠶᠠᠷᠤᠯᠲᠠ; ᠬᠦᠴᠦᠷᠭᠡᠭᠯᠡᠯᠲᠦ ᠬᠠᠤᠯᠢ ᠬᠡᠷᠡᠭᠵᠢᠭᠦᠯᠦᠯ; ᠵᠠᠰᠠᠭᠠ ᠵᠠᠬᠢᠷᠬ᠋ᠠᠨ ᠤ ᠬᠠᠤᠯᠢ
Abstract ᠨᠢᠭᠡ ᠤᠯᠤᠰ ᠤᠨᠨᠡᠢᠢᠭᠡᠮ ᠤᠨ ᠬᠠᠮᠢᠶᠠᠷᠤᠯᠲᠠ ᠳ᠋ᠤ ᠠᠯᠢᠪᠡ ᠬᠠᠮᠢᠶᠠᠷᠤᠯᠳᠠ  ᠶᠢᠨ ᠪᠡᠶᠡᠴᠢ ᠴᠣᠭᠴᠠ ᠬᠢᠭᠡᠳ ᠬᠠᠮᠢᠶᠠᠷᠤᠯᠳᠠ ᠶᠢᠨ ᠠᠵᠢᠯᠯᠠᠭᠠᠨ ᠨᠢ ᠪᠦᠷ ᠡᠷᠭᠡᠪᠰᠢ ᠬᠠᠤᠯᠢ ᠴᠠᠭᠠᠵᠠ ᠶᠢᠨ ᠦᠨᠳᠦᠰᠦᠯᠡᠯ ᠪᠠᠢᠢᠬᠤ ᠭᠡᠷᠡᠭᠲᠡᠢ᠂ ᠲᠡᠭᠡᠪᠡᠯ ᠨᠡᠢᠢᠭᠡᠮ ᠤᠨ ᠬᠠᠮᠢᠶᠠᠷᠤᠯᠲᠠ ᠶᠢᠨ ᠬᠠᠷᠢᠴᠠᠭ᠋ ᠠ ᠵᠢ ᠲᠣᠬᠢᠷᠠᠭᠤᠯᠵᠤ᠂ᠨᠡᠢᠢᠭᠡᠮ ᠤᠨ ᠬᠠᠮᠢᠶᠠᠷᠤᠯᠲᠠ ᠶᠢᠨ ᠪᠡᠶᠡᠴᠢ ᠴᠣᠭᠴᠠ ᠬᠢᠭᠡᠳ ᠨᠡᠢᠢᠭᠡᠮ ᠤᠨ ᠬᠠᠮᠢᠶᠠᠷᠤᠯᠲᠠ ᠶᠢᠨ ᠠᠵᠢᠯᠯᠠᠭᠠᠨ ᠢ ᠲᠣᠬᠢᠷᠠᠭᠤᠯᠳᠠᠭ ᠬᠠᠤᠯᠢ ᠲᠦᠷᠢᠮᠵᠢᠯ ᠨᠢ ᠭᠤᠤᠯ ᠨᠢ ᠵᠠᠰᠠᠭ ᠵᠠᠬᠢᠷᠭᠠᠨ ᠤ ᠬᠠᠯᠤᠢ ᠪᠣᠯᠤᠨ᠌ ᠠ᠃ ᠮᠠᠨ ᠤ ᠤᠯᠤᠰ ᠲᠤ ᠨᠡᠢᠢᠭᠡᠮ ᠤᠨ ᠬᠠᠮᠢᠶᠠᠷᠤᠯᠳᠠ ᠵᠢ ᠪᠠᠰᠠ ᠲᠡᠷᠦ ᠳ᠋ᠤ ᠪᠠᠨ ᠵᠠᠰᠠᠭ ᠵᠠᠬᠢᠷᠭᠠᠨ ᠤ ᠬᠠᠮᠢᠶᠠᠷᠤᠯᠲᠠ ᠭᠡᠵᠦ ᠬᠡᠯᠡᠳᠡᠭ᠂ ᠤᠴᠢᠷ ᠨᠢ ᠠᠯᠢᠪᠠ ᠨᠡᠢᠢᠭᠡᠮ ᠤᠨ ᠬᠠᠮᠢᠶᠠᠷᠤᠯᠳᠠ ᠨᠢ ᠪᠦᠷ ᠡᠷᠭᠡᠪᠰᠢ ᠤᠷᠢᠳᠠᠪᠠᠷ ᠵᠠᠰᠠᠭ ᠵᠠᠬᠢᠷᠭᠠᠨ ᠤ ᠡᠷᠭᠡ ᠪᠠᠢᠢᠵᠤ᠂ ᠬᠠᠤᠯᠢ ᠳ᠋ᠤ ᠲᠤᠭᠲᠠᠭᠠᠭᠰᠠᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠡᠶᠡᠴᠢ ᠴᠣᠭᠴᠠ ᠪᠠᠢᠢᠬᠤ ᠭᠡᠷᠡᠭᠲᠡᠢ᠃ ᠬᠤᠲᠠ ᠶᠢᠨ ᠬᠠᠮᠢᠶᠠᠷᠤᠯᠲᠠ ᠨᠢ ᠨᠡᠢᠢᠭᠡᠮ ᠤᠨ ᠬᠠᠮᠢᠶᠠᠷᠤᠯᠲᠠ ᠶᠢᠨ ᠨᠢᠭᠡ ᠵᠦᠢᠢᠯ ᠪᠣᠯᠤᠭᠰᠠᠨ ᠤ ᠬᠣᠪᠢ ᠳ᠋ᠤ ᠮᠦᠨ ᠴᠦ ᠵᠠᠰᠠᠭ ᠵᠠᠬᠢᠷᠭᠠᠨ ᠤ ᠬᠤᠯᠢ ᠡᠴᠡ ᠲᠤᠬᠢᠷᠠᠭᠤᠯᠬᠤ ᠴᠢᠬᠤᠯᠠᠲᠠᠢ ᠪᠠᠢᠢᠳᠠᠭ᠃ ᠲᠤᠰ ᠦᠭᠦᠯᠡᠯ ᠳᠤ ᠵᠠᠰᠠᠭ ᠵᠠᠬᠢᠷᠭᠠᠨ ᠤ ᠬᠤᠯᠢ ᠶᠢᠨ ᠵᠣᠭᠰᠤᠴᠠ ᠡᠴᠡ ᠬᠣᠲᠠ ᠶᠢᠨ ᠬᠠᠮᠢᠶᠠᠷᠤᠯᠲᠠ ᠳ᠋ᠡᠬᠢ ᠬᠦᠴᠦᠷᠭᠡᠭ᠍ᠯᠡᠯᠲᠦ ᠬᠠᠤᠯᠢ ᠭᠡᠷᠡᠭᠵᠢᠬᠦᠯᠬᠦ ᠠᠵᠢᠯᠯᠠᠭᠠᠨ ᠤ ᠪᠣᠢ ᠪᠣᠯᠤᠭᠰᠠᠨ ᠰᠢᠯᠲᠠᠭᠠᠨ ᠬᠢᠭᠡᠳ ᠠᠷᠭ᠋ ᠠ ᠵᠠᠮ ᠤᠨ ᠲᠣᠬᠠᠢ ᠦᠭᠦᠯᠡᠭᠰᠡᠨ ᠪᠠᠢᠢᠨ᠌ ᠠ᠃
Original Literature View Original Paper
出自 赤峰学院学报(蒙文哲学社会科学版) 2014年 第1期

联系我们


内蒙古大学图书馆
呼和浩特市大学西路235号
中国·内蒙古
P: (0471) 4992561
E: huangfeilong@imu.edu.cn