Paper Information


Title ᠨᠡᠭᠦᠳᠡᠯ ᠮᠠᠯ ᠠᠵᠤ ᠠᠬᠤᠢ ᠶᠢᠨ ᠦᠨᠳᠦᠰᠦᠨ ᠵᠦᠷᠢᠴᠡᠯ ᠬᠢᠭᠡᠳ ᠮᠣᠩᠭᠤᠯ ᠲᠡᠦᠬᠡ ᠶᠢᠨ ᠨᠢᠭᠡᠨ ᠠᠰᠠᠭᠤᠳᠠᠯ
Creator ᠪᠣᠣ ᠢᠤᠢ ᠱᠠᠨ
Keyword
Abstract ᠡᠷᠲᠡᠨ ᠤ ᠮᠣᠩᠭᠤᠯᠴᠤᠳ ᠤᠨ ᠭᠠᠳᠠᠭᠰᠢ ᠲᠦᠷᠢᠭᠰᠡᠨ ᠰᠢᠯᠲᠠᠭᠠ ᠤ ᠲᠣᠬᠠᠢ ᠡᠷᠲᠡ ᠡᠳᠦᠭᠡ ᠤᠯᠤᠰ ᠤᠨ ᠲᠤᠲᠤᠭᠠᠭᠤ ᠭᠠᠳᠠᠭᠠᠲᠤ ᠶᠢᠨ ᠡᠷᠳᠡᠮᠲᠡᠨ ᠮᠡᠷᠭᠡᠳ ᠠᠳᠠᠯᠢ ᠪᠣᠰᠤ ᠰᠠᠨᠠᠯ ᠢᠢᠡᠨ ᠲᠡᠯᠭᠡᠵᠦ ᠢᠷᠡᠵᠡᠢ᠃ ᠡᠭᠦᠨ ᠤ ᠲᠤᠳᠤᠷ ᠠ᠂ ᠪᠣᠯᠢᠶᠠᠨ ᠲᠡᠭᠡᠷᠡᠮᠳᠡᠬᠦ ᠵᠢ ᠮᠣᠩᠭᠤᠯᠴᠤᠳ ᠤᠨ ᠠᠮᠢᠳᠤᠷᠠᠯ ᠤᠨ ᠭᠦᠨ ᠤᠬᠠᠭᠠᠨ ᠢᠢᠡᠷ ᠦᠵᠡᠵᠦ ᠮᠣᠩᠭᠤᠯᠴᠤᠳ ᠤᠨ ᠭᠠᠳᠠᠭᠰᠢ ᠲᠦᠷᠢᠭᠰᠡᠨ ᠰᠢᠯᠲᠠᠭᠠᠨ ᠢ ᠲᠡᠭᠡᠷᠡᠮᠳᠡᠬᠦ ᠶᠢᠨ ᠲᠦᠯᠦᠭᠡ ᠭᠡᠵᠦ᠂ ᠵᠠᠷᠢᠮ ᠨᠢ ᠴᠡᠷᠢᠭ ᠲᠠᠢᠨ ᠤ ᠪᠣᠳᠤᠯᠭ᠎ᠠ ᠶᠢᠨ ᠡᠭᠦᠳᠡᠨ ᠡᠴᠡ ᠮᠣᠩᠭᠤᠯᠴᠤᠳ ᠤᠨ ᠭᠠᠳᠠᠭᠴᠢ ᠲᠦᠷᠢᠬᠦ ᠵᠠᠢᠯᠠᠰᠢ ᠦᠭᠡᠢ ᠴᠢᠨᠠᠷ ᠢ ᠦᠭᠦᠯᠡᠵᠦ᠂ ᠵᠠᠷᠢᠮ ᠨᠢ ᠮᠣᠩᠭᠤᠯᠴᠤᠳ ᠤᠨ ᠦᠰᠢᠯ ᠦᠰᠢᠬᠦ ᠬᠢᠰᠠᠯ ᠬᠢᠰᠠᠬᠤ ᠵᠠᠩᠰᠢᠯ ᠲᠠᠢ ᠪᠠᠢᠬᠤ ᠶᠠᠪᠤᠳᠠᠯ ᠢᠢᠡᠷ ᠲᠡᠳᠡᠨᠤᠰ ᠤᠨ ᠭᠠᠳᠠᠭᠰᠢ ᠲᠦᠷᠢᠭᠰᠡᠨ ᠰᠢᠯᠲᠠᠭᠠᠨ ᠢ ᠲᠠᠢᠯᠪᠤᠷᠢᠯᠠᠵᠤ᠂ ᠪᠠᠰᠠ ᠵᠠᠷᠢᠮ ᠨᠢ ᠠᠵᠤ ᠠᠬᠤᠢ ᠶᠢᠨ ᠤᠬᠠᠭᠠᠨ ᠤ ᠡᠭᠦᠳᠡᠨ ᠡᠴᠡ ᠮᠣᠩᠭᠤᠯᠴᠤᠳ ᠤᠨ ᠭᠠᠳᠠᠭᠰᠢ ᠲᠦᠷᠢᠭᠰᠡᠨ ᠰᠢᠯᠲᠠᠭᠠᠨ ᠢ ᠰᠦᠪᠡᠭᠴᠢᠯᠡᠵᠦ ᠪᠤᠢ᠃ ᠡᠨᠲᠡ ᠪᠢ ᠠᠵᠤ ᠠᠬᠤᠢ ᠶᠢᠨ ᠤᠬᠠᠭᠠᠨ ᠤ ᠡᠭᠦᠳᠡᠨ ᠡᠴᠡ ᠡᠨᠡ ᠠᠰᠠᠭᠤᠳᠠᠯ ᠤᠨ ᠲᠣᠬᠠᠢ ᠦᠪᠡᠷ ᠤᠨ ᠦᠵᠡᠯᠲᠡ ᠪᠠᠨ ᠲᠤᠷᠠᠳᠬᠤ ᠪᠡᠷ ᠪᠤᠢ᠃
Original Literature No Original Paper
出自 内蒙古师范大学学报 1995年 第1期

联系我们


内蒙古大学图书馆
呼和浩特市大学西路235号
中国·内蒙古
P: (0471) 4992561
E: huangfeilong@imu.edu.cn