Paper Information


Title ᠦᠪᠦᠷ ᠮᠣᠩ᠋ᠭᠤᠯ ᠤᠨ ᠦᠨᠳᠦᠰᠦᠲᠡᠨ ᠦ ᠰᠤᠷᠭᠠᠨ ᠬᠦᠮᠦᠵᠢᠯ ᠦᠨ ᠦᠭᠡᠷᠡᠴᠢᠯᠡᠯᠲᠡ ᠶᠢᠨ ᠲᠤᠬᠠᠢ ᠦᠭᠦᠯᠡᠬᠦ ᠨᠢ —— ᠦᠨᠳᠦᠰᠦᠲᠡᠨ ᠦ ᠣᠷᠤᠨ ᠤ ᠰᠤᠷᠭᠠᠭᠤᠯᠢ ᠶᠢ ᠲᠦᠪᠯᠡᠷᠡᠭᠦᠯᠦᠨ ᠨᠡᠢ᠌ᠯᠡᠭᠦᠯᠦᠭᠰᠡᠨ ᠵᠢᠱᠢᠶᠡᠨ ᠳᠡᠭᠡᠷ᠎ᠡ
Creator ᠪᠤᠤ ᠰᠢᠶᠤᠤ ᠶᠠᠨ
Keyword ᠦᠪᠦᠷ ᠮᠣᠩ᠋ᠭᠤᠯ ᠤᠨ ᠦᠨᠳᠦᠰᠦᠲᠡᠨ ᠦ ᠰᠤᠷᠭᠠᠨ ᠬᠦᠮᠦᠵᠢᠯ; ᠰᠤᠷᠭᠠᠭᠤᠯᠢ ᠶᠢ ᠲᠦᠪᠯᠡᠷᠡᠭᠦᠯᠦᠨ ᠨᠡᠢ᠌ᠯᠡᠭᠦᠯᠦᠭᠰᠡᠨ; ᠦᠷ᠎ᠡ ᠠᠰᠢᠭ ᠪᠠ ᠨᠦᠯᠦᠭᠡ
Abstract ᠦᠨᠳᠦᠰᠦᠲᠡᠨ ᠦ ᠰᠤᠷᠭᠠᠭᠤᠯᠢ ᠳᠤ ᠲᠤᠬᠢᠷᠠᠭᠤᠯᠤᠯᠲᠠ ᠬᠢᠬᠦ ᠨᠢ ᠰᠤᠷᠭᠠᠨ ᠬᠦᠮᠦᠵᠢᠯ ᠦᠨ ᠦᠭᠡᠷᠡᠴᠢᠯᠡᠯᠲᠡ ᠪᠡ ᠬᠦᠭ᠍ᠵᠢᠯᠲᠡ ᠳᠦ ᠴᠢᠬᠤᠯᠠ ᠠᠴᠢ ᠬᠤᠯᠪᠤᠭᠳᠠᠯ ᠲᠠᠢ ᠶᠤᠮ᠃ ᠲᠡᠷᠡ ᠨᠢ ᠲᠦᠪ ᠡᠴᠡ ᠳᠤᠷᠠᠳᠤᠭᠰᠠᠨ 《ᠰᠤᠷᠭᠠᠨ ᠬᠦᠮᠦᠵᠢᠯ ᠦᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠤᠷᠭᠠᠨ ᠬᠦᠮᠦᠵᠢᠯ ᠦᠨ ᠦᠭᠡᠷᠡᠴᠢᠯᠡᠯᠲᠡ ᠶᠢ ᠭᠦᠨᠵᠡᠭᠡᠢ᠌ᠷᠡᠭᠦᠯᠦᠨ᠂ ᠰᠤᠷᠭᠠᠨ ᠬᠦᠮᠦᠵᠢᠯ ᠦᠨ ᠪᠦᠲᠦᠴᠡ ᠶᠢ ᠰᠢᠯᠢᠳᠡᠭᠵᠢᠭᠦᠯᠦᠨ᠂ ᠰᠤᠷᠭᠠᠨ ᠬᠦᠮᠦᠵᠢᠯ ᠦᠨ ᠡᠬᠢ ᠰᠤᠷᠪᠤᠯᠵᠢ ᠶᠢ ᠵᠤᠬᠢᠰᠲᠠᠢ ᠪᠠᠷ ᠠᠰᠢᠭᠯᠠᠨ᠂ ᠰᠤᠷᠭᠠᠨ ᠬᠦᠮᠦᠵᠢᠯ ᠦᠨ ᠶᠠᠰᠤ ᠴᠢᠨᠠᠷ ᠪᠠ ᠬᠠᠮᠢᠶᠠᠷᠤᠯᠲᠠ ᠶᠢᠨ ᠲᠦᠪᠰᠢᠨ ᠢ ᠳᠡᠭᠡᠭ᠍ᠰᠢᠯᠡᠭᠦᠯᠬᠦ》ᠵᠤᠷᠢᠭ ᠰᠠᠨᠠᠭ᠎ᠠ ᠶᠢ ᠪᠤᠳᠠᠳᠠᠢ᠌ᠵᠢᠭᠤᠯᠬᠤ ᠠᠷᠭ᠎ᠠ ᠬᠡᠮᠵᠢᠶ᠎ᠡ ᠪᠤᠯᠤᠨ᠎ᠠ᠃ ᠢᠯᠠᠩ᠋ᠭᠤᠶ᠎ᠠ ᠦᠪᠦᠷ ᠮᠣᠩ᠋ᠭᠤᠯ ᠣᠷᠤᠨ ᠤ ᠦᠨᠳᠦᠰᠦᠲᠡᠨ ᠦ ᠰᠤᠷᠭᠠᠨ ᠬᠦᠮᠦᠵᠢᠯ ᠦᠨ ᠦᠭᠡᠷᠡᠴᠢᠯᠡᠯᠲᠡ ᠶᠢᠨ ᠶᠠᠪᠤᠴᠠ ᠳᠤ ᠬᠡᠰᠡᠭ ᠮᠣᠩ᠋ᠭᠤᠯ ᠰᠤᠷᠭᠠᠭᠤᠯᠢ ᠶᠢ ᠲᠦᠪᠯᠷᠡᠭᠦᠯᠦᠨ ᠨᠡᠢ᠌ᠯᠡᠭᠦᠯᠦᠭᠰᠡᠨ ᠤᠴᠢᠷ ᠰᠢᠯᠲᠠᠭᠠᠨ᠂ ᠣᠳᠣᠬᠢ ᠪᠠᠢ᠌ᠳᠠᠯ ᠵᠢᠴᠢ ᠦᠢᠯᠡᠳᠦᠯ ᠨᠦᠯᠦᠭᠡᠨ ᠦ ᠲᠤᠬᠠᠢ ᠵᠠᠳᠠᠯᠤᠯᠲᠠ ᠬᠢᠵᠦ ᠦᠭᠡᠷᠡᠴᠢᠯᠡᠯᠲᠡ ᠶᠢᠨ ᠳᠤᠮᠳᠠ ᠣᠷᠤᠰᠢᠵᠤ ᠪᠠᠢ᠌ᠭ᠎ᠠ ᠠᠰᠠᠭᠤᠳᠠᠯ ᠢ ᠬᠡᠷᠬᠢᠨ ᠰᠢᠢᠳᠪᠦᠷᠢᠯᠡᠬᠦ ᠲᠤᠬᠠᠢ ᠰᠤᠳᠤᠯᠭ᠎ᠠ ᠬᠢᠬᠦ ᠨᠢ ᠮᠠᠰᠢ ᠤᠴᠢᠷ ᠠᠭᠤᠯᠭ᠎ᠠ ᠲᠠᠢ ᠶᠤᠮ᠃
Original Literature View Original Paper
出自 中国蒙古学 2013年 第3期

联系我们


内蒙古大学图书馆
呼和浩特市大学西路235号
中国·内蒙古
P: (0471) 4992561
E: huangfeilong@imu.edu.cn