Title |
ᠦᠪᠦᠷ ᠮᠣᠩᠭᠤᠯ ᠣᠷᠤᠨ ᠳ᠋ᠡᠬᠢ《ᠭᠤᠷᠪᠠᠨ ᠬᠡᠯᠡᠨ ᠤ ᠵᠢᠭᠠᠬᠤ ᠠᠵᠢᠯ》 ᠤᠨ ᠤᠨᠤᠯ ᠤᠨ ᠰᠣᠳᠤᠯᠭ᠎ᠠ ᠬᠢᠭᠡᠳ ᠦᠢᠯᠡᠳᠦᠯᠭᠡ |
Creator |
ᠳ᠋•ᠰᠣᠳᠤᠪᠢᠯᠢᠭ᠌ |
Keyword |
ᠦᠪᠦᠷ ᠮᠣᠩᠭᠤᠯ ᠣᠷᠤᠨ; ᠭᠤᠷᠪᠠᠨ ᠬᠡᠯᠡᠨ ᠤ ᠵᠢᠭᠠᠬᠤ ᠠᠵᠢᠯ; ᠭᠤᠷᠪᠠᠨ ᠬᠡᠯᠡᠨ ᠤ ᠵᠢᠭᠠᠨ ᠰᠤᠷᠭᠠᠬᠤ ᠦᠯᠢᠭᠡᠷ ᠬᠡᠪ; ᠦᠨᠳᠦᠰᠦᠲᠡᠨ ᠤ ᠰᠤᠷᠭᠠᠨ ᠬᠦᠮᠦᠵᠢᠯ; ᠰᠣᠶᠣᠯ ᠰᠤᠨᠳᠠᠯᠠᠭᠰᠠᠨ ᠰᠤᠷᠭᠠᠨ ᠬᠦᠮᠦᠵᠢᠯ |
Abstract |
《ᠮᠣᠩᠭᠤᠯ ᠬᠢᠲᠠᠳ ᠭᠠᠳᠠᠭᠠᠳᠤ》ᠭᠤᠷᠪᠠᠨ ᠬᠡᠯᠡᠨ ᠤ ᠵᠢᠭᠠᠨ ᠰᠤᠷᠭᠠᠯᠲᠠ ᠨᠢ ᠲᠤᠮᠳᠠᠳᠤ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠬᠤᠤᠰ ᠬᠡᠯᠡᠨ ᠤ ᠰᠤᠷᠭᠠᠨᠬᠦᠮᠦᠵᠢᠯ ᠤᠨ ᠣᠨᠴᠠᠭᠠᠢ ᠲᠦᠷᠦᠯ ᠰᠢᠨᠵᠢ ᠪᠣᠯᠤᠭᠰᠠᠨ ᠤ ᠬᠤᠪᠢ ᠳ᠋ᠤ ᠂ ᠦᠪᠦᠷ ᠮᠣᠩᠭᠤᠯ ᠣᠷᠤᠨ ᠳ᠋ᠬᠢ ᠦᠨᠳᠦᠰᠦᠲᠡᠨ ᠤ ᠰᠤᠷᠭᠠᠭᠤᠯᠢ ᠶᠢᠨ ᠵᠢᠭᠠᠨ ᠰᠤᠷᠭᠠᠬᠤ ᠠᠵᠢᠯᠯᠠᠭ᠎ᠠ ᠶᠢᠨ ᠴᠢᠬᠤᠯᠠ ᠬᠡᠯᠪᠡᠷᠢ ᠪᠣᠯᠬᠤ ᠶᠢᠨ ᠬᠠᠮᠳᠤ ᠣᠳᠣᠬᠢ ᠦᠪᠦᠷ ᠮᠣᠩᠭᠤᠯ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠦᠭᠵᠢᠯᠲᠡ ᠶᠢᠨ ᠵᠠᠩᠭᠢᠯᠭ᠎ᠠ ᠪᠣᠯᠵᠤ ᠪᠣᠢ᠃ ᠲᠡᠷᠡ ᠨᠢ ᠦᠪᠦᠷ ᠮᠣᠩᠭᠤᠯ ᠤᠨ ᠦᠨᠳᠦᠰᠲᠡᠨ ᠤ ᠰᠤᠷᠭᠠᠨ ᠬᠦᠮᠦᠵᠢᠯ ᠤᠨ ᠤᠨᠤᠯ ᠦᠢᠯᠡᠳᠦᠯᠭᠡ ᠶᠢᠨ ᠰᠣᠳᠤᠯᠭ᠎ᠠ ᠲᠤᠮᠳᠠᠬᠢ ᠴᠢᠬᠤᠯᠠ ᠰᠡᠳᠦᠪ ᠪᠣᠯᠬᠪ ᠪᠦᠭᠡᠳ ᠦᠪᠦᠷ ᠮᠣᠩᠭᠤᠯ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠴᠢᠨᠠᠷᠵᠢᠯ ᠢ ᠨᠦᠯᠦᠭᠡᠯᠡᠬᠦ ᠵᠠᠩᠬᠢᠯᠭ᠎ᠠ ᠪᠣᠯᠵᠦ ᠪᠠᠢᠨ᠎ᠠ᠃ ᠡᠨᠳᠡ ᠦᠪᠦᠷ ᠮᠣᠩᠭᠤᠯ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠦᠭᠵᠢᠯᠲᠡ ᠶᠢᠨ ᠪᠣᠳᠠᠳᠤ ᠪᠠᠢᠳᠠᠯ ᠪᠣᠯᠤᠨ ᠣᠯᠠᠨ ᠵᠢᠯ ᠤᠨ ᠰᠣᠳᠤᠯᠭᠠᠨ ᠲᠠᠢ ᠤᠶᠠᠯᠳᠤᠭᠤᠯᠤᠨ᠂ 《ᠭᠤᠷᠪᠠᠨ ᠬᠡᠯᠡᠨ ᠨ ᠵᠢᠭᠠᠬᠤ ᠠᠵᠢᠯ》 ᠢ ᠭᠡᠷᠡᠭᠵᠢᠬᠦᠯᠬᠦ ᠶᠢᠨ ᠴᠢᠬᠤᠯᠠ ᠴᠢᠨᠠᠷ ᠬᠢᠭᠡᠳ ᠵᠠᠢᠯᠠᠰᠢ ᠦᠭᠡᠢ ᠴᠢᠨᠠᠷ᠂《ᠭᠤᠷᠪᠠᠨ ᠬᠡᠯᠡᠨ ᠤ ᠵᠢᠭᠠᠬᠤ ᠠᠵᠢᠯ》ᠵᠢᠴᠢ《ᠭᠤᠷᠪᠠᠨ ᠬᠡᠯᠡᠨ ᠤ ᠵᠢᠭᠠᠨ ᠰᠤᠷᠭᠠᠭᠤ ᠦᠯᠢᠭᠡᠷ ᠬᠡᠪ》 ᠢ ᠪᠠᠢᠭᠤᠯᠬᠤ᠂《ᠭᠤᠷᠪᠠᠨ ᠬᠡᠯᠡᠨ ᠤ ᠵᠢᠭᠠᠬᠤ ᠠᠵᠢᠯ》 ᠤᠨ ᠲᠣᠷᠰᠢᠯᠲᠡ ᠰᠡᠳᠤᠯᠤᠯᠲᠠ ᠶᠢᠨ ᠣᠨᠤᠯ ᠦᠢᠯᠡᠳᠦᠯᠭᠡ ᠵᠢᠴᠢ《ᠭᠤᠷᠪᠠᠨ ᠬᠡᠯᠡᠨ ᠤ ᠵᠢᠭᠠᠬᠤ ᠠᠵᠢᠯ》 ᠤᠨ ᠦᠭᠡᠷᠡᠴᠢᠯᠡᠯᠲᠡ ᠲᠣᠷᠰᠢᠯᠲᠡ ᠶᠢᠨ ᠭᠡᠷᠡᠭᠵᠢᠬᠦᠯᠵᠦ ᠪᠣᠢᠬᠤᠢᠴᠠ ᠬᠦᠴᠦᠰᠦ ᠶᠢᠨ ᠲᠣᠬᠠᠢ ᠵᠠᠳᠠᠯᠤᠯᠲᠠ ᠵᠢᠴᠢ ᠠᠩᠬᠠᠷᠤᠨ ᠰᠢᠢᠳᠪᠦᠷᠢᠯᠡᠬᠦᠰᠢᠲᠠᠢ ᠬᠠᠮᠢᠶ ᠠ ᠪᠦᠬᠦᠢ ᠠᠰᠠᠭᠤᠳᠠᠯ ᠢ ᠨᠡᠯᠢᠶᠡᠳ ᠪᠦᠬᠦ ᠲᠠᠯ ᠠ ᠪᠡᠷ ᠬᠦᠨᠵᠡᠭᠡᠢ ᠵᠠᠳᠠᠯᠤᠨ ᠰᠢᠨᠵᠢᠯᠡᠪᠡ᠃ |
Original Literature |
No Original Paper
|
出自 |
内蒙古师范大学学报
2000年
第1期
|