Paper Information


Title ᠲᠦᠩᠯᠢᠶᠤᠤ ᠬᠤᠲᠠ ᠶᠢᠨ ᠮᠠᠯ ᠲᠡᠵᠢᠭᠡᠪᠦᠷᠢ ᠶᠢᠨ ᠦᠢᠯᠡᠰ ᠦᠨ ᠪᠦᠲᠦᠴᠡ ᠳᠦ ᠲᠤᠬᠢᠷᠠᠭ᠋ᠤᠯᠤᠯᠲᠠ ᠬᠢᠬᠦ ᠪᠡ ᠬᠦᠭᠵᠢᠭᠦᠯᠬᠦ ᠲᠤᠬᠠᠢ
Creator ᠬᠤᠪᠢᠰᠬᠠᠯᠲᠤ; ᠪᠦᠷᠢᠨ
Keyword ᠲᠦᠩᠯᠢᠶᠤᠤ ᠬᠤᠲᠠ; ᠮᠠᠯ ᠲᠡᠵᠢᠭᠡᠪᠦᠷᠢ ᠶᠢᠨ ᠦᠢᠯᠡᠰ ᠦᠨ ᠪᠦᠲᠦᠴᠡ; ᠲᠤᠬᠢᠷᠠᠭ᠋ᠤᠯᠤᠯᠲᠠ ᠬᠢᠬᠦ ᠪᠡ ᠬᠦᠭᠵᠢᠭᠦᠯᠬᠦ
Abstract ᠲᠦᠩᠯᠢᠶᠤᠤ ᠬᠤᠲᠠ ᠶᠢᠨ ᠮᠠᠯ ᠲᠡᠵᠢᠭᠡᠪᠦᠷᠢ ᠶᠢᠨ ᠦᠢᠯᠡᠰ ᠦᠨ ᠪᠦᠲᠦᠴᠡ ᠳᠦ ᠲᠤᠬᠢᠷᠠᠭ᠋ᠤᠯᠤᠯᠲᠠ ᠬᠢᠬᠦ ᠳᠦ ᠨᠢᠭᠡ ᠲᠠᠯ᠎ᠠ ᠪᠠᠷ᠂ ᠡᠪᠡᠰᠦ ᠪᠡᠯᠴᠢᠭᠡᠷ ᠦᠨ ᠪᠤᠳᠠᠲᠠᠢ ᠳᠠᠭ᠋ᠠᠭ᠋ᠠᠴᠠ ᠶᠢᠨ ᠬᠡᠮᠵᠢᠶ᠎ᠡ ᠶᠢ ᠦᠨᠳᠦᠰᠦᠯᠡᠵᠦ᠂ ᠮᠠᠯ ᠲᠡᠵᠢᠭᠡᠪᠦᠷᠢ ᠶᠢᠨ ᠲᠤᠯᠤᠭ᠋ᠠᠢ ᠶᠢ ᠵᠤᠬᠢᠰᠲᠠᠢ ᠬᠢᠵᠠᠭ᠋ᠠᠷᠯᠠᠬᠤ ᠶᠢᠨ ᠬᠠᠮᠲᠤ ᠡᠪᠡᠰᠦ ᠪᠡᠯᠴᠢᠭᠡᠷ ᠲᠦ ᠬᠦᠮᠦᠨ ᠦ ᠬᠦᠴᠦ ᠪᠡᠷ ᠪᠦᠲᠦᠬᠡᠨ ᠪᠠᠢᠭ᠋ᠤᠯᠤᠯᠲᠠ ᠬᠢᠵᠦ᠂ ᠡᠪᠡᠰᠦ ᠮᠠᠯ ᠢ ᠲᠡᠩᠴᠡᠭᠦᠷᠢᠲᠡᠢ ᠪᠠᠢᠯᠭ᠋ᠠᠨ᠎ᠠ᠃ ᠨᠦᠬᠦᠭᠡ ᠲᠠᠯ᠎ᠠ ᠪᠠᠷ᠂ ᠮᠠᠯ ᠲᠡᠵᠢᠭᠡᠪᠦᠷᠢ ᠶᠢᠨ ᠡᠭᠦᠯᠳᠡᠷ ᠢ ᠰᠢᠯᠢᠳᠡᠭᠵᠢᠭᠦᠯᠬᠦ ᠠᠵᠢᠯ ᠢ ᠰᠠᠢᠲᠤᠷ ᠬᠡᠷᠡᠭᠵᠢᠭᠦᠯᠵᠦ᠂ ᠦᠨ᠋ᠡᠨᠬᠦ ᠡᠭᠦᠳᠦᠯᠲᠡ ᠨᠡᠭᠡᠭᠡᠯᠲᠡ ᠲᠡᠢ᠂ ᠳᠤᠪᠤᠢᠮ᠎ᠠ ᠪᠦᠲᠦᠭᠡᠯ ᠲᠡᠢ᠂ ᠵᠠᠬ᠎ᠠ ᠳᠡᠯᠭᠡᠭᠦᠷ ᠦᠨ ᠬᠡᠷᠡᠭᠴᠡᠭᠡ ᠳᠦ ᠵᠤᠬᠢᠴᠠᠯᠳᠤᠭᠰᠠᠨ ᠰᠢᠯᠢᠳᠡᠭ ᠮᠠᠯ ᠤᠨ ᠡᠭᠦᠯᠳᠡᠷ ᠢ ᠪᠤᠢᠵᠢᠭ᠋ᠤᠯᠤᠨ᠎ᠠ᠃ ᠡᠭᠦᠨ ᠦ ᠬᠠᠮᠲᠤ ᠮᠠᠯ ᠲᠡᠵᠢᠭᠡᠪᠦᠷᠢ ᠶᠢᠨ ᠦᠢᠯᠡᠰ ᠲᠦ ᠠᠵᠢᠯᠯᠠᠵᠤ ᠪᠠᠢᠭ᠎ᠠ ᠺᠠᠳ᠋ᠷ ᠪᠠ ᠣᠯᠠᠨ ᠲᠦᠮᠡᠨ ᠢ ᠰᠢᠨᠵᠢᠯᠡᠬᠦ ᠤᠬᠠᠭ᠋ᠠᠨ ᠪᠠ ᠲᠧᠭᠨ᠋ᠢᠭ ᠮᠡᠷᠭᠡᠵᠢᠯ ᠢᠶᠡᠷ ᠵᠡᠪᠰᠡᠭᠯᠡᠵᠦ᠂ ᠲᠡᠳᠡᠨ ᠦ ᠬᠡᠪ ᠴᠢᠨ᠋ᠠᠷ ᠢ ᠳᠡᠭᠡᠭᠰᠢᠯᠡᠭᠦᠯᠪᠡᠯ ᠰᠠᠶᠢ ᠲᠦᠩᠯᠢᠶᠤᠤ ᠬᠤᠲᠠ ᠶᠢᠨ ᠮᠠᠯ ᠲᠡᠵᠢᠭᠡᠪᠦᠷᠢ ᠶᠢᠨ ᠦᠢᠯᠡᠰ ᠲᠦᠷᠭᠡᠨ ᠬᠦᠭᠵᠢᠵᠦ ᠴᠢᠳᠠᠨ᠎ᠠ᠃
Original Literature No Original Paper
出自 内蒙古民族大学学报(自然科学) 2001年 第1期

联系我们


内蒙古大学图书馆
呼和浩特市大学西路235号
中国·内蒙古
P: (0471) 4992561
E: huangfeilong@imu.edu.cn