Title |
ᠢᠷᠭᠡᠨ ᠤᠯᠤᠰ ᠤᠨ ᠦᠶ᠎ᠡ ᠶᠢᠨ ᠮᠤᠩᠭ᠋ᠤᠯ ᠬᠠᠤᠯᠢ ᠲᠦᠷᠢᠮ ᠲᠠᠢ ᠬᠤᠯᠪᠤᠭᠳᠠᠭᠰᠠᠨ ᠵᠠᠷᠢᠮ ᠨᠢᠭᠡᠨ ᠠᠰᠠᠭᠤᠳᠠᠯ ᠤᠨ ᠲᠤᠬᠠᠢ |
Creator |
ᠳ᠋ᠤᠺᠲ᠋ᠤᠷ ᠦᠯᠵᠡᠢ᠌ᠳᠤᠭᠳᠠᠬᠤ |
Keyword |
ᠢᠷᠭᠡᠨ ᠤᠯᠤᠰ; ᠪᠡᠭᠡᠵᠢᠩ ᠤᠨ ᠵᠠᠰᠠᠭ ᠤᠨ ᠭᠠᠵᠠᠷ; ᠦᠨᠳᠦᠰᠦᠨ ᠬᠠᠤᠯᠢ; ᠮᠤᠩᠭ᠋ᠤᠯ |
Abstract |
1912 ᠤᠨ ᠡᠴᠡ 1928 ᠤᠨ ᠬᠦᠷᠳᠡᠯᠡᠬᠢ ᠬᠤᠭᠤᠴᠠᠭᠠᠨ ᠳᠤ ᠠᠷᠠᠳᠴᠢᠯᠠᠭᠰᠠᠨ ᠪᠦᠭᠦᠳᠡ ᠨᠠᠢ᠌ᠷᠠᠮᠳᠠᠬᠤ ᠤᠯᠤᠰ ᠤᠨ ᠲᠦᠪ ᠵᠠᠰᠠᠭ ᠤᠨ ᠬᠤᠪᠢ ᠪᠡᠷ ᠤᠷᠤᠰᠢᠵᠤ ᠪᠠᠢ᠌ᠭᠰᠠᠨ ᠢᠷᠭᠡᠨ ᠤᠯᠤᠰ ᠤᠨ ᠪᠡᠭᠡᠵᠢᠩ ᠤᠨ ᠵᠠᠰᠠᠭ ᠤᠨ ᠭᠠᠵᠠᠷ ᠤᠨ ᠡᠷᠬᠡ ᠪᠠᠷᠢᠭᠴᠢᠳ ᠨᠢ ᠦᠪᠡᠷᠰᠡᠳ ᠤᠨ ᠬᠠᠤᠯᠢ ᠶᠤᠰᠤᠨ ᠤ ᠪᠠᠢ᠌ᠷᠢ ᠰᠠᠭᠤᠷᠢ ᠪᠠᠨ ᠲᠤᠪᠤᠢ᠌ᠯᠭᠠᠬᠤ ᠡᠭᠦᠳᠡᠨ ᠡᠴᠡ ᠦᠨᠳᠦᠰᠦᠨ ᠬᠠᠤᠯᠢ ᠶᠢᠨ ᠰᠢᠨᠵᠢ ᠪᠦᠬᠦᠢ ᠬᠠᠤᠯᠢ ᠴᠠᠭᠠᠵᠠ ᠪᠤᠶᠤ ᠦᠨᠳᠦᠰᠦᠨ ᠬᠠᠤᠯᠢ ᠲᠤᠭᠳᠠᠭᠠᠬᠤ ᠠᠵᠢᠯ ᠢ ᠠᠬᠢᠨ ᠲᠠᠬᠢᠨ ᠬᠢᠵᠦ ᠪᠠᠢ᠌ᠵᠠᠢ᠃ ᠦᠭᠦᠯᠡᠯ ᠳᠤ ᠡᠳᠡᠭᠡᠷ《ᠦᠨᠳᠦᠰᠦᠨ ᠬᠠᠤᠯᠢ》 ᠳᠤ ᠬᠢ ᠮᠤᠩᠭ᠋ᠤᠯ ᠤᠨ ᠲᠤᠬᠠᠢ ᠲᠤᠭᠳᠠᠭᠠᠯ ᠶᠢᠡᠷ ᠰᠢᠵᠢᠮᠯᠡᠨ ᠲᠡᠭᠦᠨ ᠤ ᠠᠭᠤᠯᠭ᠎ᠠ ᠶᠢ ᠰᠢᠨᠵᠢᠯᠡᠬᠦ ᠶᠢᠨ ᠲᠠᠭᠠᠤ᠂ ᠦᠨᠳᠦᠰᠦᠨ ᠬᠠᠤᠯᠢ ᠶᠢ ᠲᠤᠭᠤᠷᠪᠢᠬᠤ ᠦᠶ᠎ᠡ ᠶᠢᠨ ᠲᠡᠦᠬᠡᠨ ᠠᠬᠤᠢ᠂ ᠮᠤᠩᠭ᠋ᠤᠯ ᠤᠨ ᠲᠠᠯ᠎ᠠ ᠶᠢᠨ ᠨᠦᠭᠦᠴᠡᠯ ᠱᠠᠭᠠᠷᠳᠠᠯᠭ᠎ᠠ ᠵᠢᠴᠢ ᠲᠡᠭᠦᠨ ᠤ ᠨᠦᠯᠦᠭᠡ ᠲᠤᠰᠬᠠᠯ ᠵᠡᠷᠭᠡ ᠬᠤᠯᠪᠤᠭᠳᠠᠯ ᠪᠦᠬᠦᠢ ᠠᠰᠠᠭᠤᠳᠠᠯ ᠳᠤ ᠵᠠᠳᠠᠯᠤᠯᠳᠠ ᠬᠢᠭ᠍ᠰᠡᠨ ᠪᠠᠢ᠌ᠨ᠎ᠠ᠃ |
Original Literature |
View Original Paper
|
出自 |
内蒙古社会科学(蒙文版)
2015年
第5期
|