Paper Information


Title 《ᠮᠣᠩ᠋ᠭᠤᠯ ᠤᠨ ᠨᠢᠭᠤᠴᠠ ᠲᠤᠪᠴᠢᠶᠠᠨ》᠋ ᠳᠠᠬᠢ ᠡᠳ᠋ ᠪᠠᠶᠠᠯᠢᠭ ᠤᠨ ᠠᠭᠤᠯᠭ᠎ᠠ ᠵᠢᠴᠢ ᠬᠤᠪᠢᠶᠠᠷᠢᠯᠠᠯᠲᠠ ᠶᠢᠨ ᠲᠤᠬᠠᠢ
Creator ᠸᠠᠩ ᠪᠠᠶᠠᠷᠭᠦᠦ
Keyword
Abstract ᠲᠤᠰ ᠦᠭᠦᠯᠡᠯ ᠳᠦ ᠠᠵᠤ ᠠᠬᠤᠢ ᠶᠢᠨ ᠤᠬᠠᠭᠠᠨ ᠤ ᠡᠭᠦᠳᠡᠨ ᠡᠴᠡ 《ᠮᠣᠩ᠋ᠭᠤᠯ ᠤᠨ ᠨᠢᠭᠤᠴᠠ ᠲᠤᠪᠴᠢᠶᠠᠨ》᠋ ᠳᠠᠬᠢ ᠶᠠᠳᠠᠭᠤ ᠪᠠᠶᠠᠨ ᠬᠡᠮᠡᠬᠦ ᠤᠬᠠᠭᠳᠠᠬᠤᠨ ᠢ ᠵᠠᠳᠠᠯᠤᠨ ᠰᠢᠨᠵᠢᠯᠡᠬᠦ ᠪᠡᠷ ᠳᠠᠮᠵᠢᠨ᠂ ᠡᠷᠲᠡᠨ ᠦ ᠮᠣᠩ᠋ᠭᠤᠯᠴᠤᠳ ᠤᠨ ᠡᠳ᠋ ᠪᠠᠶᠠᠯᠢᠭ ᠤᠨ ᠲᠤᠬᠠᠢ ᠦᠵᠡᠯᠲᠡ ᠵᠢᠴᠢ ᠡᠳ᠋ ᠪᠠᠶᠠᠯᠢᠭ ᠤᠨ ᠬᠤᠪᠢᠶᠠᠷᠢᠯᠠᠯᠲᠠ ᠶᠢᠨ ᠪᠠᠢ᠌ᠳᠠᠯ ᠢ ᠦᠭᠦᠯᠡᠨ ᠲᠤᠳᠤᠷᠬᠠᠢ᠌ᠯᠠᠪᠠ᠃ 《ᠮᠣᠩ᠋ᠭᠤᠯ ᠤᠨ ᠨᠢᠭᠤᠴᠠ ᠲᠤᠪᠴᠢᠶᠠᠨ》᠋ ᠤ ᠲᠡᠮᠳᠡᠭᠯᠡᠯ ᠡᠴᠡ ᠦᠵᠡᠪᠡᠯ᠂ ᠡᠷᠲᠡᠨ ᠦ ᠮᠣᠩ᠋ᠭᠤᠯᠴᠤᠳ ᠤᠨ ᠡᠳ᠋ ᠪᠠᠶᠠᠯᠢᠭ ᠤᠨ ᠪᠤᠳᠠᠰ ᠤᠨ ᠠᠭᠤᠯᠭ᠎ᠠ ᠳᠤ ᠠᠳᠤᠭᠤ ᠮᠠᠯ᠂ ᠠᠯᠪᠠᠲᠤ ᠵᠠᠷᠤᠴᠠ᠂ ᠠᠪᠠᠭᠠᠢ ᠡᠬᠡᠨᠠᠷ ᠵᠡᠷᠭᠡ ᠶᠢ ᠪᠠᠭᠲᠠᠭᠠᠵᠤ ᠪᠠᠢ᠌ᠵᠠᠢ᠃ ᠡᠳᠡᠭᠡᠷ ᠲᠡᠬᠢ ᠡᠵᠡᠮᠰᠢᠯ ᠪᠤᠯᠤᠨ ᠬᠤᠪᠢᠶᠠᠷᠢᠯᠠᠯᠲᠠ ᠶᠢᠨ ᠲᠡᠭᠰᠢ ᠪᠤᠰᠤ ᠪᠠᠢ᠌ᠳᠠᠯ ᠨᠢ ᠦᠭᠦᠯᠡᠨ ᠪᠤᠢ ᠦᠶ᠎ᠡ ᠶᠢᠨ ᠶᠠᠳᠠᠭᠤ ᠪᠠᠶᠠᠨ ᠤ ᠵᠦᠷᠢᠶ᠎ᠡ ᠵᠢᠴᠢ ᠨᠡᠢ᠌ᠭᠡᠮ ᠦᠨ ᠬᠦᠭ᠍ᠵᠢᠯᠲᠡ ᠶᠢᠨ ᠬᠢᠷᠢ ᠭᠡᠮ ᠢ ᠬᠠᠷᠠᠭᠤᠯᠤᠭᠰᠠᠨ ᠪᠠᠢ᠌ᠨ᠎ᠠ᠃
Original Literature No Original Paper
出自 内蒙古大学学报 1994年 第2期

联系我们


内蒙古大学图书馆
呼和浩特市大学西路235号
中国·内蒙古
P: (0471) 4992561
E: huangfeilong@imu.edu.cn