Title |
《ᠠᠩᠬᠠᠨ ᠰᠤᠷᠭᠠᠬᠤ ᠤᠯᠤᠰ ᠤᠨ ᠤᠳᠬ ᠠ》 ᠶᠢᠨ ᠲᠣᠬᠠᠢ |
Creator |
ᠬᠠᠰᠲᠤᠩᠭᠠᠯᠠᠭ |
Keyword |
《ᠠᠩᠬᠠᠨ ᠰᠤᠷᠭᠠᠬᠤ ᠤᠯᠤᠰ ᠤᠨ ᠤᠳᠬ ᠠ》;ᠨᠠᠢᠷᠠᠭᠤᠯᠤᠭᠰᠠ ᠵᠣᠷᠢᠯᠭ᠎ᠠ; ᠠᠭᠤᠯᠭ᠎ᠠ ᠶᠢᠨ ᠲᠣᠬᠢᠷᠠᠭᠤᠯᠤᠯᠲᠠ; ᠨᠠᠢᠷᠠᠭᠤᠯᠤᠭᠰᠠᠨ ᠣᠨᠴᠠᠯᠢᠭ |
Abstract |
《ᠠᠩᠬᠠᠨ ᠰᠣᠷᠭᠠᠬᠤ ᠤᠯᠤᠰ ᠤᠨ ᠤᠳᠬ ᠠ》ᠪᠣᠯ 20ᠳ᠋ᠤᠭᠠᠷ ᠵᠠᠭᠤᠨ ᠤ ᠬᠤᠷᠢᠭᠠᠳ ᠣᠨ ᠤ ᠰᠡᠭᠦᠯᠴᠢ ᠪᠡᠷ ᠮᠣᠩᠭᠤᠯ ᠬᠡᠯᠡ ᠪᠡᠷ ᠨᠠᠢᠷᠠᠭᠤᠯᠤᠨ ᠬᠡᠪᠯᠡᠭᠳᠡᠭᠰᠡᠨ ᠪᠠᠭ᠎ᠠ ᠰᠤᠷᠭᠠᠭᠤᠯᠢ ᠶᠢᠨ ᠮᠣᠩᠭᠤᠯ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠪᠣᠯᠤᠨ᠎ᠠ᠃ ᠲᠡᠷᠡ ᠨᠢ ᠲᠣᠬᠠᠢ ᠶᠢᠨ ᠦᠶ ᠠ ᠶᠢᠨ ᠬᠡᠦᠬᠡᠳ ᠪᠠᠭᠠᠴᠤᠳ ᠤᠨ ᠰᠣᠶᠣᠯᠵᠢᠨ ᠭᠡᠭᠡᠷᠡᠬᠦ ᠳ᠋ᠤ ᠬᠤᠪᠢ ᠨᠡᠮᠡᠷᠢ ᠪᠠᠨ ᠦᠵᠡᠭᠦᠯᠦᠭᠰᠡᠨ ᠢᠢᠡᠷ ᠪᠠᠷᠠᠬᠤ ᠦᠭᠡᠢ᠂ ᠨᠡᠩ ᠣᠷᠴᠢᠨ ᠦᠶ ᠡ ᠶᠢᠨ ᠮᠣᠩᠭᠤᠯ ᠦᠨᠳᠦᠰᠦᠲᠡᠨ ᠤ ᠰᠠᠭᠤᠷᠢ ᠰᠤᠷᠭᠠᠨ ᠬᠦᠮᠦᠵᠢᠯ ᠤᠨ ᠣᠳᠣᠬᠢᠴᠢᠯᠠᠯᠲᠠ ᠵᠢ ᠠᠬᠢᠭᠤᠯᠤᠭᠰᠠᠨ ᠶᠣᠮ᠃《ᠠᠩᠬᠠᠨ ᠰᠤᠷᠭᠠᠬᠤ ᠤᠯᠤᠰ ᠤᠨ ᠤᠳᠬ ᠠ》 ᠶᠢᠨ ᠨᠠᠢᠷᠠᠭᠤᠯᠤᠭᠰᠠᠨ ᠵᠣᠷᠢᠯᠭ᠎ᠠ᠂ ᠠᠭᠤᠯᠭ᠎ᠠ ᠶᠢᠨ ᠲᠣᠬᠢᠷᠠᠭᠤᠯᠤᠲᠠ᠂ ᠨᠠᠢᠷᠠᠭᠤᠯᠤᠭᠰᠠᠨ ᠣᠨᠴᠠᠯᠢᠭ ᠵᠢᠴᠢ ᠲᠡᠭᠦᠨ ᠤ ᠨᠦᠯᠦᠭᠡᠯᠡᠯ ᠢ ᠰᠣᠳᠤᠯᠬᠤ ᠨᠢ ᠣᠷᠴᠢᠨ ᠦᠶ ᠠ ᠶᠢᠨ ᠦᠨᠳᠦᠰᠦᠲᠡᠨ ᠤ ᠰᠠᠭᠤᠷᠢ ᠰᠤᠷᠭᠠᠨ ᠬᠦᠮᠦᠵᠢᠯ ᠤᠨ ᠪᠦᠷᠢᠯᠳᠦᠯ ᠲᠦᠯᠦᠪᠰᠢᠷᠡᠯ᠂ ᠦᠨᠳᠦᠰᠦᠲᠡᠨ ᠤ ᠰᠣᠶᠣᠯ ᠤᠨ ᠤᠯᠠᠮᠵᠢᠯᠠᠭ᠎ᠠ᠂ ᠦᠨᠳᠦᠰᠦᠲᠡᠨ ᠤ ᠨᠠᠢᠷᠠᠭᠤᠯᠤᠭᠴᠢᠳ ᠤᠨ ᠦᠵᠡᠯ ᠰᠠᠨᠠᠭ᠎ᠠ ᠵᠢ ᠤᠢᠯᠠᠭᠠᠨ ᠲᠠᠨᠢᠬᠤ ᠳ᠋ᠤ ᠮᠠᠰᠢ ᠴᠢᠬᠤᠯᠠ ᠠᠴᠢ ᠬᠤᠯᠪᠤᠭᠳᠠᠯ ᠲᠠᠢ ᠶᠣᠮ᠃ |
Original Literature |
View Original Paper
|
出自 |
赤峰学院学报(蒙文哲学社会科学版)
2014年
第3期
|