| Title |
ᠬᠦᠳᠡᠭᠡ ᠲᠤᠰᠬᠤᠨ ᠤ ᠲᠠᠷᠢᠶᠠᠨ ᠭᠠᠵᠠᠷ ᠤᠨ ᠰᠢᠯᠵᠢᠭᠦᠯᠦᠨ ᠬᠡᠷᠡᠭᠯᠡᠯᠳᠡ ᠳᠤ ᠤᠷᠤᠰᠢᠵᠤ ᠪᠠᠢᠭ᠎ᠠ ᠠᠰᠠᠭᠤᠳᠠᠯ ᠤᠨ ᠲᠤᠬᠠᠢ |
| Creator |
ᠰᠠᠷᠭᠠᠢ; ᠵᠠᠩ ᠢᠦᠢ ᠹᠸᠩ |
| Keyword |
ᠲᠠᠷᠢᠶᠠᠨ ᠭᠠᠵᠠᠷ ᠤᠨ ᠰᠢᠯᠵᠢᠭᠦᠯᠦᠨ ᠬᠡᠷᠡᠭᠯᠡᠯᠳᠡ; ᠭᠠᠵᠠᠷ ᠰᠢᠷᠤᠢ ᠶᠢᠨ ᠲᠠᠭᠠᠭᠠᠴᠢᠯᠠᠨ ᠡᠵᠩᠨᠡᠯᠳᠡ; ᠤᠷᠤᠰᠢᠵᠤ ᠪᠠᠢᠢᠭ᠎ᠠ ᠠᠰᠠᠭᠤᠳᠠᠯ |
| Abstract |
ᠬᠦᠳᠡᠭᠡ ᠲᠤᠰᠬᠤᠨ ᠤ ᠠᠵᠤ ᠠᠬᠤᠢ ᠶᠢᠨ ᠬᠦᠭ᠍ᠵᠢᠯᠳᠡ᠂ ᠲᠠᠷᠢᠶᠠᠴᠢᠳ ᠤᠨ ᠠᠮᠢᠳᠤᠷᠠᠯ ᠪᠤᠯᠤᠨ ᠠᠵᠢᠯᠯᠠᠬᠤ ᠬᠡᠯᠪᠡᠷᠢ ᠶᠢᠨ ᠬᠤᠪᠢᠷᠠᠯᠳᠠ᠂ ᠤᠳᠤᠬᠢᠴᠢᠯᠠᠭᠰᠠᠨ ᠲᠠᠷᠢᠶᠠᠯᠠᠩ ᠤᠨ ᠲᠦᠭᠡᠮᠵᠢᠯᠡᠯᠳᠡ ᠵᠢᠴᠢ ᠬᠡᠪᠴᠢᠶᠡᠵᠢᠭᠦᠯᠦᠨ ᠲᠠᠷᠢᠶᠠᠯᠠᠬᠤ ᠱᠠᠭᠠᠷᠳᠠᠯᠭ᠎ᠠ ᠬᠢᠭᠡᠳ ᠵᠠᠰᠠᠭ ᠤᠨ ᠤᠷᠳᠤᠨ ᠤ ᠲᠡᠮᠵᠢᠯᠭᠡ ᠵᠡᠷᠭᠡ ᠰᠢᠯᠳᠠᠭᠠᠨ ᠡᠴᠡ ᠪᠤᠯᠵᠤ᠂ ᠲᠠᠷᠢᠶᠠᠨ ᠭᠠᠵᠠᠷ ᠤᠨ ᠰᠢᠯᠵᠢᠭᠦᠯᠦᠨ ᠬᠡᠷᠡᠭᠯᠡᠯᠳᠡ ᠶᠢᠨ ᠠᠰᠠᠭᠤᠳᠠᠯ ᠬᠦᠳᠡᠭᠡ ᠲᠤᠰᠬᠤᠨ ᠤ ᠲᠤᠪᠤᠢᠢᠮ᠎ᠠ ᠠᠰᠠᠭᠤᠳᠠᠯ ᠪᠤᠯᠵᠠᠢ᠃ ᠲᠤᠰ ᠦᠭᠦᠯᠡᠯ ᠳᠤ ᠲᠠᠷᠢᠶᠠᠨ ᠭᠠᠵᠠᠷ ᠤᠨ ᠰᠢᠯᠵᠢᠭᠦᠯᠦᠨ ᠬᠡᠷᠡᠭᠯᠡᠬᠦ ᠶᠠᠪᠤᠳᠠᠯ ᠳᠤ ᠤᠷᠤᠰᠢᠵᠤ ᠪᠦᠬᠦᠢ ᠠᠰᠠᠭᠤᠳᠠᠯ ᠡᠴᠡ ᠭᠠᠷᠳᠠᠵᠤ᠂ ᠲᠡᠭᠦᠨ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠡᠷᠢᠨ ᠰᠦᠪᠡᠭ᠍ᠴᠢᠯᠡᠵᠦ᠂ ᠲᠠᠷᠢᠶᠠᠨ ᠭᠠᠵᠠᠷ ᠤᠨ ᠰᠢᠯᠵᠢᠭᠦᠯᠦᠨ ᠬᠡᠷᠡᠭᠯᠡᠯᠳᠡ ᠶᠢ ᠤᠷᠤᠭᠰᠢᠳᠠᠢ ᠪᠤᠯᠭᠠᠬᠤ ᠲᠤᠬᠠᠢ ᠦᠪᠡᠷ ᠤᠨ ᠦᠵᠡᠯᠳᠡ ᠪᠠᠨ ᠲᠤᠳᠤᠷᠠᠭᠤᠯᠤᠭᠰᠠᠨ ᠪᠠᠢᠢᠨ᠎ᠠ᠃ |
| Original Literature |
View Original Paper
|
| 出自 |
赤峰学院学报(蒙文哲学社会科学版)
2015年
第4期
|