Paper Information


Title ᠡᠷᠳᠡᠨ ᠤ ᠮᠤᠩᠭ᠋ᠤᠯᠴᠤᠳ ᠤᠨ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠵᠠᠩᠰᠢᠯ ᠤᠨ ᠲᠤᠬᠠᠢ
Creator ᠪᠤᠤ ᠢᠦᠢ ᠯᠠᠨ
Keyword ᠡᠷᠳᠡᠨ ᠤ ᠮᠤᠩᠭ᠋ᠤᠯᠴᠤᠳ; ᠬᠡᠭᠡᠷ᠎ᠡ ᠶᠢᠨ ᠠᠮᠢᠳᠠᠨ; ᠬᠠᠮᠠᠭᠠᠯᠠᠬᠤ; ᠰᠡᠩᠬᠡᠷᠡᠭᠦᠯᠦᠯ
Abstract ᠬᠠᠮᠢᠶ᠎ᠠ ᠪᠦᠬᠦᠢ ᠰᠤᠷᠪᠤᠯᠵᠢ ᠪᠢᠴᠢᠭ᠌ ᠢ ᠯᠡᠪᠯᠡᠪᠡᠯ ᠡᠷᠳᠡᠨ ᠤ ᠮᠤᠩᠭ᠋ᠤᠯᠴᠤᠳ ᠤᠨ ᠬᠡᠬᠡᠷ᠎ᠡ ᠶᠢᠨ ᠠᠮᠢᠳᠠᠨ ᠢ ᠬᠠᠮᠠᠭᠠᠯᠠᠬᠤ ᠲᠤᠭᠳᠠᠭᠠᠯ ᠨᠢ ᠡᠯᠪᠡᠭ᠌ ᠪᠠᠶᠠᠯᠢᠭ ᠠᠭᠤᠯᠭ᠎ᠠ ᠲᠠᠢ ᠮᠦᠷᠳᠡᠭᠡᠨ ᠤᠯᠠᠨ ᠲᠠᠯ᠎ᠠ ᠶᠢᠨ ᠴᠢᠩᠭ᠋᠎ᠠ ᠲᠤᠭᠳᠠᠭᠠᠯ ᠲᠠᠢ ᠪᠠᠢ᠌ᠵᠠᠢ᠃ ᠠᠯᠢ ᠤᠵᠠᠭᠤᠷ ᠡᠷᠳᠡᠨ ᠤ ᠲᠠᠳᠬᠠᠯ ᠤᠨ ᠬᠠᠤᠯᠢ ᠡᠴᠡ ᠮᠤᠩ᠋ᠭᠤᠯ ᠬᠠᠭᠠᠨᠳᠤ ᠤᠯᠤᠰ ᠤᠨ ᠰᠡᠭᠦᠯᠡᠷᠬᠢ ᠪᠢᠴᠢᠮᠡᠯ ᠬᠠᠤᠯᠢ ᠬᠦᠷᠳᠡᠯ᠎ᠡ ᠪᠦᠷ ᠠᠳᠠᠯᠢ ᠪᠤᠰᠤ ᠬᠡᠮᠵᠢᠶ᠎ᠡ ᠪᠡᠷ ᠢᠯᠡᠷᠡᠭᠦᠯᠵᠦ ᠪᠠᠢ᠌ᠪᠠ᠃ ᠬᠤᠷᠢᠶᠠᠩᠭ᠋ᠤᠢ᠌ᠯᠠᠪᠠᠯ ᠭᠤᠤᠯᠳᠠᠭᠤ ᠤᠯᠠᠷᠢᠯ ᠤᠨ ᠴᠢᠨᠠᠷᠳᠠᠢ ᠠᠪᠠ ᠠᠩᠨᠠᠬᠤ᠂ ᠠᠩᠨᠠᠬᠤ ᠴᠠᠭ ᠪᠤᠯᠤᠨ ᠭᠠᠵᠠᠷ ᠤᠷᠤᠨ ᠤ ᠬᠢᠵᠠᠭᠠᠷᠯᠠᠯ᠂ ᠠᠩᠨᠠᠬᠤ ᠲᠦᠷᠦᠯ ᠵᠦᠢᠯ ᠤᠨ ᠬᠢᠵᠠᠭᠠᠷᠯᠠᠯ᠂ ᠬᠡᠭᠡᠷ᠎ᠡ ᠶᠢᠨ ᠠᠮᠢᠳᠠᠨ ᠳᠤ ᠬᠠᠮᠠᠭᠠᠯᠠᠯ ᠦᠵᠡᠭᠦᠯᠬᠦ ᠪᠠ ᠲᠡᠳᠡᠭᠡᠷ ᠡᠬᠢ ᠪᠠᠶᠠᠯᠢᠭ ᠢ ᠦᠷᠭᠦᠯᠵᠢᠯᠡᠨ ᠬᠦᠮᠦᠰ ᠲᠤ ᠠᠰᠢᠭᠯᠠᠭᠤᠯᠬᠤ ᠵᠡᠷᠭᠡ ᠠᠭᠤᠯᠭ᠎ᠠ ᠪᠠᠭᠳᠠᠨ᠎ᠠ᠃ ᠡᠳᠡᠭᠡᠷ ᠲᠦᠷᠢᠮ ᠲᠤᠭᠳᠠᠭᠠᠯ ᠨᠢ ᠤᠳᠤᠬᠢ ᠮᠠᠨ ᠤ ᠤᠯᠤᠰ ᠤᠨ ᠬᠡᠭᠡᠷ᠎ᠡ ᠶᠢᠨ ᠠᠮᠢᠳᠠᠨ ᠤ ᠡᠬᠢ ᠪᠡᠶᠠᠯᠢᠭ ᠢ ᠬᠠᠮᠠᠭᠠᠯᠠᠬᠤ ᠬᠦᠮᠦᠨ ᠬᠢᠭᠡᠳ ᠪᠠᠢ᠌ᠭᠠᠯᠠᠢ ᠶᠢᠨ ᠡᠶ᠎ᠡ ᠵᠤᠬᠢᠴᠠᠩᠭ᠋ᠤᠢ ᠬᠦᠭ᠍ᠵᠢᠯᠳᠡ ᠶᠢ ᠪᠠᠳᠤᠯᠠᠬᠤ ᠳᠤ ᠴᠢᠬᠤᠯᠠ ᠪᠦᠬᠦᠢ ᠰᠡᠩᠬᠡᠷᠡᠭᠦᠯᠦᠯ ᠪᠤᠯᠬᠤ ᠶᠤᠮ᠃
Original Literature View Original Paper
出自 赤峰学院学报(蒙文哲学社会科学版) 2017年 第2期

联系我们


内蒙古大学图书馆
呼和浩特市大学西路235号
中国·内蒙古
P: (0471) 4992561
E: huangfeilong@imu.edu.cn