Title |
ᠳᠡᠭᠡᠳᠦ ᠰᠤᠷᠭᠠᠭᠤᠯᠢ ᠳᠤ ᠲᠤᠤᠷ ᠪᠦᠮᠪᠦᠭᠡ ᠶᠢ ᠬᠦᠭᠵᠢᠭᠦᠯᠬᠦ ᠵᠢᠴᠢ ᠨᠠᠰᠤᠨ ᠲᠤᠷᠰᠢᠲᠠ ᠶᠢᠨ ᠪᠡᠶ᠎ᠡ ᠲᠠᠮᠢᠷ |
Creator |
ᠪᠠᠢ ᠶᠢᠨ ᠵᠤᠸᠠᠩ |
Keyword |
ᠰᠤᠷᠭᠠᠭᠤᠯᠢ ᠶᠢᠨ ᠪᠡᠶ᠎ᠡ ᠲᠠᠮᠢᠷ; ᠳᠡᠭᠡᠳᠦ ᠰᠤᠷᠭᠠᠭᠤᠯᠢ ᠶᠢᠨ ᠲᠤᠤᠷ ᠪᠦᠮᠪᠦᠭᠡ ᠶᠢᠨ ᠬᠦᠳᠡᠯᠭᠡᠭᠡᠨ; ᠨᠠᠰᠤᠨ ᠲᠤᠷᠰᠢᠲᠠ ᠶᠢᠨ ᠪᠡᠶ᠎ᠡ ᠲᠠᠮᠢᠷ |
Abstract |
ᠲᠤᠤᠷ ᠪᠦᠮᠪᠦᠭᠡ ᠶᠢᠨ ᠬᠦᠳᠡᠯᠭᠡᠭᠡᠨ ᠨᠢ ᠪᠡᠶ᠎ᠡ ᠰᠡᠳᠬᠢᠴᠡ ᠪᠡᠨ ᠴᠢᠬᠢᠷᠠᠭᠵᠢᠭᠤᠯᠬᠤ᠂ ᠨᠡᠢᠭᠡᠮ ᠨᠡᠢᠲᠡ ᠶᠢᠨ ᠬᠠᠷᠢᠯᠴᠠᠭ᠎ᠠ ᠶᠢ ᠠᠭᠢᠭᠤᠯᠬᠤ ᠲᠦᠭᠡᠮᠡᠯ ᠴᠢᠨᠠᠷ ᠲᠠᠢ ᠪᠦᠭᠡᠳ ᠤᠷᠮ᠎ᠠ ᠪᠠᠬᠠᠲᠤᠯ ᠲᠠᠢ᠂ ᠦᠵᠡᠭᠦᠯᠦᠯᠭᠡ ᠶᠢᠨ ᠴᠢᠨᠠᠷ ᠢᠶᠠᠷ ᠦᠨᠳᠦᠷ ᠪᠦᠭᠡᠳ ᠨᠠᠰᠤᠨ ᠲᠤᠷᠰᠢᠲᠠ ᠶᠢᠨ ᠬᠦᠳᠡᠯᠭᠡᠭᠡᠨ ᠪᠤᠯᠭᠠᠬᠤ ᠲᠦᠷᠦᠯ ᠪᠤᠯᠤᠨ᠎ᠠ᠃ ᠮᠦᠨᠴᠦ ᠲᠤᠤᠷ ᠪᠦᠮᠪᠦᠭᠡ ᠨᠢ ᠳᠡᠭᠡᠳᠦ ᠰᠤᠷᠭᠠᠭᠤᠯᠢ ᠳᠤ ᠦᠷᠨᠢᠭᠦᠯᠬᠦ ᠳᠠᠪᠠᠭᠤᠯᠢᠭ ᠲᠠᠯ᠎ᠠ ᠲᠠᠢ ᠪᠠᠢᠬᠤ ᠶᠢ ᠦᠨᠡᠯᠡᠵᠦ᠂ ᠣᠳᠤᠬᠢᠨ ᠤ ᠳᠡᠭᠡᠳᠦ ᠰᠤᠷᠭᠠᠭᠤᠯᠢ ᠶᠢᠨ ᠤᠶᠤᠲᠠᠳ ᠤᠨ ᠪᠡᠶ ᠡ ᠮᠠᠬᠠᠪᠤᠳ ᠢᠶᠠᠨ ᠪᠤᠯᠪᠠᠰᠤᠷᠠᠭᠤᠯᠬᠤ ᠨᠢᠭᠡᠨ ᠣᠨᠴᠠ ᠲᠦᠷᠦᠯ ᠪᠤᠯᠬᠤ ᠶᠢ ᠦᠭᠦᠯᠡᠪᠡ᠃ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠨᠢ ᠳᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠦᠨ ᠨᠢᠭᠡᠨ ᠪᠦᠷᠢᠯᠳᠦᠭᠦᠨ ᠬᠡᠰᠡᠭ ᠪᠤᠯᠤᠨ᠎ᠠ᠃ ᠨᠠᠰᠤᠨ ᠲᠤᠷᠰᠢᠲᠠ ᠶᠢᠨ ᠪᠡᠶ᠎ᠡ ᠲᠠᠮᠢᠷ ᠤᠨ ᠳᠤᠮᠳᠠ ᠲᠤᠩ ᠴᠢᠬᠤᠯᠠ ᠪᠠᠢᠷᠢ ᠶᠢ ᠡᠵᠡᠯᠡᠵᠦ ᠪᠠᠢᠳᠠᠭ᠃ ᠳᠡᠭᠡᠳᠦ ᠰᠤᠷᠭᠠᠭᠤᠯᠢ ᠬᠦᠷᠲᠡᠬᠦ ᠬᠦᠨᠳᠦ ᠡᠭᠦᠷᠭᠡ ᠶᠢ ᠡᠭᠦᠷᠭᠡᠯᠡᠵᠦ ᠪᠠᠢᠬᠤ ᠮᠦᠷᠲᠡᠭᠡᠨ ᠣᠷᠴᠢᠮ ᠤᠨ ᠬᠡᠳᠦᠨ ᠵᠢᠯ ᠦᠳ ᠲᠦ ᠲᠤᠤᠷ ᠪᠦᠮᠪᠦᠭᠡ ᠨᠢ ᠨᠢᠭᠡᠨ ᠡᠷᠡᠭᠦᠯ ᠴᠢᠭᠢᠷᠠᠭ᠂ ᠭᠤᠶᠠᠯᠢᠭ ᠰᠠᠢᠬᠠᠨ᠂ ᠴᠠᠭ ᠦᠶ᠎ᠡ ᠶᠢ ᠳᠠᠭᠠᠭᠠᠭᠰᠠᠨ ᠬᠦᠳᠡᠯᠭᠡᠭᠡᠨ ᠦ ᠵᠤᠢᠯ ᠪᠤᠯᠤᠭᠰᠠᠨ ᠬᠤᠪᠢ ᠳᠤ ᠦᠷᠭᠡᠨ ᠣᠯᠠᠨ ᠤᠶᠤᠲᠠᠳ ᠤᠨ ᠤᠷᠮ᠎ᠠ ᠪᠠᠬ᠎ᠠ ᠶᠢ ᠲᠠᠲᠠᠵᠤ ᠪᠠᠢᠨ᠎ᠠ᠃ |
Original Literature |
No Original Paper
|
出自 |
内蒙古师范大学学报(自然科学蒙古文版)
2011年
第2期
|