Paper Information


Title ᠤᠷᠭᠠᠨᠢᠭ ᠬᠢᠮᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠳᠤ ᠨᠡᠢᠯᠡᠯᠭᠡ ᠶᠢᠨ ᠲᠤᠷᠰᠢᠯᠲᠠ ᠶᠢᠨ ᠦᠭᠡᠷᠡᠴᠢᠯᠡᠯᠲᠡ ᠪᠡᠷ ᠳᠠᠮᠵᠢᠨ ᠤᠰᠤᠨ ᠤ ᠡᠬᠢ ᠪᠠᠶᠠᠯᠢᠭ ᠢ ᠠᠷᠪᠢᠯᠠᠬᠤ ᠨᠢ
Creator ᠠᠭᠤᠯᠠ; ᠤᠶᠤᠨ
Keyword ᠤᠷᠭᠠᠨᠢᠭ ᠬᠢᠮᠢ; ᠨᠡᠢᠯᠡᠯᠭᠡ ᠶᠢᠨ ᠲᠤᠷᠰᠢᠯᠲᠠ; ᠦᠭᠡᠷᠡᠴᠢᠯᠡᠯᠲᠡ ᠨᠡᠷᠡᠬᠦ; ᠤᠰᠤ ᠠᠷᠪᠢᠯᠠᠬᠤ
Abstract ᠤᠷᠭᠠᠨᠢᠭ ᠬᠢᠮᠢ ᠶᠢᠨ ᠨᠡᠢᠯᠡᠯᠭᠡ ᠶᠢᠨ ᠲᠤᠷᠰᠢᠯᠲᠠ ᠶᠢᠨ ᠵᠢᠭᠠᠨ ᠰᠤᠷᠭᠠᠯᠲᠠ ᠨᠢ ᠬᠢᠮᠢ ᠶᠢᠨ ᠰᠤᠷᠭᠠᠨ ᠬᠦᠮᠦᠵᠢᠯ ᠦᠨ ᠲᠤᠰᠬᠠᠢ ᠮᠡᠷᠭᠡᠵᠢᠯ ᠦᠨ ᠤᠶᠤᠲᠠᠳ ᠲᠤ ᠲᠤᠰᠬᠠᠢ ᠮᠡᠷᠭᠡᠵᠢᠯ ᠦᠨ ᠮᠡᠳᠡᠯᠭᠡ ᠶᠢ ᠭᠦᠨᠵᠡᠭᠡᠶᠢᠷᠡᠭᠦᠯᠬᠦ ᠪᠡᠷ ᠪᠠᠢᠬᠤ ᠦᠭᠡᠢ᠂ ᠰᠢᠨ᠎ᠡ ᠬᠢᠴᠢᠶᠡᠯᠡᠯᠭᠡ ᠶᠢᠨ ᠦᠭᠡᠷᠡᠴᠢᠯᠡᠯᠲᠡ ᠳᠡᠬᠢ ᠪᠠᠭᠰᠢ ᠶᠢᠨ ᠦᠨᠳᠦᠰᠦᠨ ᠬᠡᠪ ᠴᠢᠨᠠᠷ ᠤᠨ ᠱᠠᠭᠠᠷᠳᠠᠯᠭ᠎ᠠ ᠶᠢ ᠬᠦᠮᠦᠵᠢᠭᠦᠯᠬᠦ ᠦᠢᠯᠡᠳᠦᠯ ᠲᠡᠢ ᠶᠤᠮ᠃ ᠤᠷᠭᠠᠨᠢᠭ ᠬᠢᠮᠢ ᠶᠢᠨ ᠨᠡᠢᠯᠡᠯᠭᠡ ᠶᠢᠨ ᠲᠤᠷᠰᠢᠯᠲᠠ ᠶᠢᠨ ᠵᠢᠭᠠᠨ ᠰᠤᠷᠭᠠᠯᠲᠠ ᠳᠤᠮᠳᠠ ᠤᠷᠤᠯᠳᠤᠯᠭ᠎ᠠ ᠳᠤ ᠣᠷᠤᠯᠴᠠᠬᠤ ᠬᠦᠮᠦᠨ ᠦ ᠲᠤᠭ᠎ᠠ ᠣᠯᠠᠨ ᠨᠡᠷᠡᠬᠦ ᠪᠠᠢᠵᠤ᠂ ᠪᠤᠴᠠᠭᠠᠨ ᠤᠷᠤᠰᠬᠠᠬᠤ ᠵᠡᠷᠭᠡ ᠶᠠᠪᠤᠴᠠ ᠪᠠᠷ ᠤᠰᠤ ᠬᠡᠷᠡᠭᠰᠡᠬᠦ ᠤᠴᠢᠷ ᠠᠴᠠ ᠤᠰᠤᠨ ᠤ ᠡᠬᠢ ᠪᠠᠶᠠᠯᠢᠭ ᠢ ᠰᠦᠢᠳᠭᠡᠬᠦ ᠦᠵᠡᠭᠳᠡᠯ ᠭᠠᠷᠳᠠᠭ᠃ ᠲᠤᠰ ᠦᠭᠦᠯᠡᠯ ᠨᠢ ᠴᠠᠭᠠᠷᠢᠭ ᠾᠧᠺᠰᠧᠨ ᠢ ᠭᠠᠷᠭᠠᠨ ᠠᠪᠬᠤ ᠲᠤᠷᠰᠢᠯᠲᠠ ᠶᠢᠨ ᠦᠭᠡᠷᠡᠴᠢᠯᠡᠯᠲᠡ ᠪᠡᠷ ᠳᠠᠮᠵᠢᠨ᠂ ᠤᠷᠭᠠᠨᠢᠭ ᠬᠢᠮᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠳᠤᠮᠳᠠ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠬᠤ ᠨᠢᠭᠡᠨ ᠠᠷᠭ᠎ᠠ ᠶᠢ ᠦᠭᠴᠦ᠂ ᠡᠭᠦᠨ ᠢᠶᠡᠷ ᠳᠠᠮᠵᠢᠨ ᠰᠤᠷᠤᠭᠴᠢᠳ ᠤᠨ ᠰᠢᠨ᠎ᠡ ᠶᠢ ᠡᠭᠦᠳᠬᠦ ᠵᠤᠷᠢᠭ ᠰᠠᠨᠠᠭ᠎ᠠ ᠬᠢᠭᠡᠳ ᠡᠬᠡ ᠪᠠᠢᠭᠠᠯᠢ ᠶᠢ ᠬᠠᠮᠠᠭᠠᠯᠠᠬᠤ ᠦᠵᠡᠯ ᠤᠬᠠᠮᠰᠠᠷ ᠢ ᠬᠦᠮᠦᠵᠢᠭᠦᠯᠬᠦ ᠬᠡᠮᠡᠨ ᠰᠠᠨᠠᠭᠠᠴᠢᠯᠠᠪᠠ᠃
Original Literature No Original Paper
出自 内蒙古师范大学学报(自然科学蒙古文版) 2012年 第2期

联系我们


内蒙古大学图书馆
呼和浩特市大学西路235号
中国·内蒙古
P: (0471) 4992561
E: huangfeilong@imu.edu.cn