Paper Information


Title ᠬᠤᠷᠴᠢᠨ ᠪᠦᠭᠡ ᠶᠢᠨ ᠱᠠᠰᠢᠨ ᠤ ᠤᠩᠭ᠋ᠤᠳ ᠤᠷᠤᠭᠤᠯᠬᠤ ᠶᠠᠪᠤᠴᠠ ᠶᠢᠨ ᠲᠤᠬᠠᠢ
Creator ᠨᠡᠪᠴᠢ
Keyword ᠬᠤᠷᠴᠢᠨ; ᠪᠦᠬᠡ; ᠤᠩᠭ᠋ᠤᠳ ᠤᠷᠤᠭᠤᠯᠬᠤ
Abstract ᠪᠦᠭᠡ ᠶᠢᠨ ᠱᠠᠰᠢᠨ ᠪᠤᠯ ᠮᠤᠩᠭ᠋ᠤᠯᠴᠤᠳ ᠤᠨ ᠪᠠᠯᠠᠷ ᠡᠷᠳᠡᠨ ᠤ ᠱᠠᠰᠢᠨ ᠰᠢᠳᠦᠯᠭᠡ ᠶᠢᠨ ᠨᠢᠭᠡᠨ ᠬᠡᠯᠪᠡᠷᠢ ᠪᠤᠯᠤᠨ᠎ᠠ᠃ ᠪᠠᠰᠠ ᠴᠤ ᠡᠨᠡ ᠬᠦ ᠲᠦᠰᠦᠭᠡᠯᠡᠯᠳᠡ ᠳᠤ ᠪᠠᠨ ᠲᠦᠰᠢᠭᠯᠡᠵᠦ ᠪᠤᠢ ᠪᠤᠯᠤᠭᠰᠠᠨ ᠬᠦᠮᠦᠰ ᠤᠨ ᠰᠢᠳᠦᠯᠭᠡ ᠪᠢᠰᠢᠷᠡᠯ ᠶᠤᠮ᠃ ᠪᠦᠭᠡ ᠶᠢᠨ ᠱᠠᠰᠢᠨ ᠪᠤᠯ ᠭᠤᠷᠪᠠᠨ ᠦᠭᠡᠢ ᠪᠠᠢᠢᠬᠤ ᠶᠢ ᠡᠷᠬᠢᠮᠯᠡᠳᠡᠭ᠂ ᠲᠠᠷᠤᠢ ᠱᠠᠰᠢᠨ ᠤ ᠲᠦᠷᠢᠮ᠂ ᠱᠠᠰᠢᠨ ᠤ ᠰᠤᠳᠤᠷ ᠪᠠ ᠱᠠᠰᠢᠨ ᠤ ᠲᠤᠭᠠᠩ ᠪᠤᠯᠤᠨ᠎ᠠ᠃ ᠭᠡᠪᠡᠴᠦ ᠲᠡᠭᠦᠨ ᠤ ᠰᠢᠳᠦᠯᠭᠡ ᠶᠢᠨ ᠤᠬᠠᠭᠳᠠᠬᠤᠨ ᠨᠢ ᠪᠦᠭᠡ ᠨᠠᠷ ᠪᠠ ᠤᠯᠠᠨ ᠲᠦᠮᠡᠨ ᠤ ᠴᠡᠭᠡᠵᠢᠯᠡᠭᠰᠡᠨ ᠠᠮᠠᠨ ᠤᠩᠰᠢᠯᠭ᠎ᠠ ᠪᠠ ᠵᠠᠩ ᠵᠠᠩᠰᠢᠯ ᠶᠢᠡᠷ ᠲᠠᠮᠵᠢᠨ ᠤᠯᠠᠮᠵᠢᠯᠠᠭᠳᠠᠨ ᠢᠷᠡᠵᠡᠢ᠃ ᠮᠦᠨ ᠴᠦ ᠲᠠᠭᠤᠤ ᠪᠦᠵᠢᠭ᠌᠂ ᠲᠠᠯ᠎ᠠ ᠬᠡᠩᠭᠡᠷᠭᠡ᠂ ᠲᠤᠯᠢ᠂ ᠵᠢᠳᠡ ᠰᠡᠯᠡᠮ᠎ᠡ ᠵᠡᠷᠭᠡ ᠪᠡᠷ ᠲᠠᠮᠵᠢᠵᠤ ᠢᠷᠡᠭᠰᠡᠨ ᠡᠷᠳᠡᠨ ᠤ ᠰᠢᠳᠦᠯᠭᠡ ᠪᠢᠯᠡ᠃ ᠡᠳᠦᠭᠡ ᠪᠤᠯᠳᠠᠯ᠎ᠠ᠂ ᠪᠦᠭᠡ ᠢᠳᠤᠭᠠᠨ ᠨᠢ ᠭᠤᠤᠯᠳᠠᠭᠤ ᠦᠪᠦᠷ ᠮᠤᠩᠭ᠋ᠤᠯ ᠤᠨ ᠬᠤᠷᠴᠢᠨ ᠨᠤᠳᠤᠭ ᠲᠤ ᠲᠦᠪᠯᠡᠷᠡᠨ ᠲᠠᠷᠬᠠᠵᠤ᠂ ᠲᠤᠬᠠᠢ ᠶᠢᠨ ᠭᠠᠵᠠᠷ ᠤᠨ ᠬᠦᠮᠦᠰ ᠤᠨ ᠦᠢᠯᠡᠳᠪᠦᠷᠢᠯᠡᠯ ᠠᠮᠢᠳᠤᠷᠠᠯ ᠪᠠ ᠰᠤᠶᠤᠯ ᠢ ᠨᠦᠯᠦᠭᠡᠯᠡᠭᠰᠡᠭᠡᠷ ᠢᠷᠡᠭᠰᠡᠨ ᠪᠠᠢᠢᠨ᠎ᠠ᠃ ᠲᠤᠰ ᠦᠭᠦᠯᠡᠯ ᠳᠤ ᠬᠤᠷᠴᠢᠨ ᠭᠡᠬᠦ ᠨᠡᠷ᠎ᠡ ᠶᠢᠨ ᠢᠷᠡᠯᠳᠡ᠂ ᠪᠦᠭᠡ ᠶᠢᠨ ᠡᠭᠦᠰᠦᠯ ᠂ ᠪᠦᠭᠡ ᠶᠢᠨ ᠡᠷᠳᠡᠨ ᠪᠠ ᠡᠳᠦᠭᠡ ᠶᠢᠨ ᠤᠳᠬ᠎ᠠ ᠠᠭᠤᠯᠭ᠎ᠠ ᠶᠢᠨ ᠬᠠᠷᠢᠴᠠᠭᠤᠯᠤᠯ ᠪᠠ ᠪᠦᠭᠡ ᠶᠢᠨ ᠱᠠᠰᠢᠨ ᠤ ᠰᠠᠬᠢᠭᠤᠰᠤ ᠤᠷᠤᠭᠤᠯᠬᠤ ᠶᠠᠪᠤᠴᠠ ᠵᠡᠷᠭᠡ ᠲᠠᠯ᠎ᠠ ᠡᠴᠡ ᠪᠢᠴᠢᠭᠰᠡ ᠪᠠᠢᠢᠨ᠎ᠠ᠃
Original Literature View Original Paper
出自 赤峰学院学报(蒙文哲学社会科学版) 2015年 第3期

联系我们


内蒙古大学图书馆
呼和浩特市大学西路235号
中国·内蒙古
P: (0471) 4992561
E: huangfeilong@imu.edu.cn