Abstract |
ᠠᠮᠢ ᠠᠬᠤᠢ ᠶᠢᠨ ᠤᠬᠠᠭᠠᠪ ᠤ ᠬᠠᠷᠠᠭ᠎ᠠ ᠡᠴᠡ ᠠᠵᠢᠭᠯᠠᠪᠠᠰᠤ᠂ ᠮᠣᠩᠭᠤᠯᠴᠤᠳ ᠤᠨ ᠤᠪᠤᠭ᠎ᠠ ᠨᠢ ᠲᠡᠷᠡ ᠴᠢᠭ ᠢᠢᠡᠷ ᠢᠢᠡᠨ ᠠᠮᠢ ᠠᠬᠤᠢ ᠶᠢᠨ ᠰᠣᠶᠣᠯ ᠤᠨ ᠪᠦᠲᠦᠭᠡᠭᠳᠡᠬᠦᠨ ᠪᠣᠯᠬᠤ ᠪᠦᠭᠡᠳ ᠮᠦᠨ ᠴᠦ ᠠᠮᠢ ᠠᠬᠤᠢ ᠶᠢᠨ ᠰᠢᠰᠲ᠋ᠸᠮ ᠤᠨ ᠲᠦᠪᠯᠡᠷᠡᠩᠬᠦᠢ ᠲᠤᠰᠬᠠᠯ ᠪᠣᠯᠬᠤ ᠶᠣᠮ᠃ ᠪᠠᠢᠭᠠᠯᠢ ᠶᠢᠨ ᠠᠮᠢ ᠠᠬᠤᠢ ᠶᠢᠨ ᠬᠤᠪᠢ ᠡᠴᠡ ᠰᠢᠨᠵᠢᠯᠡᠪᠡᠰᠦ᠂ ᠤᠪᠤᠭ᠎ᠠ ᠨᠢ ᠪᠠᠢᠭᠠᠯᠢ ᠶᠢᠨ ᠣᠷᠴᠢᠨ ᠠᠬᠤᠢ ᠶᠢᠨ ᠬᠤᠪᠢᠷᠠᠯᠲᠠ ᠶᠢᠨ ᠭᠡᠷᠡᠴᠢᠯᠡᠭᠴᠢ ᠪᠣᠯᠤᠭᠰᠠᠨ ᠢᠢᠡᠷ ᠪᠠᠷᠠᠬᠤ ᠦᠭᠡᠢ ᠮᠦᠨ ᠴᠦ ᠡᠨᠡ ᠬᠦ ᠣᠷᠴᠢᠨ ᠠᠬᠤᠢ ᠶᠢᠨ ᠠᠮᠢᠳᠤ ᠪᠣᠳᠠᠰ ᠤᠨ ᠰᠢᠰᠲ᠋ᠧᠮ ᠢᠢᠡᠨ ᠪᠠᠲᠤᠯᠠᠨ ᠬᠠᠮᠠᠭᠠᠯᠠᠬᠤ ᠶᠢᠨ ᠰᠠᠬᠢᠭᠤᠰᠤ ᠬᠡᠮᠡᠷ ᠶᠣᠮ᠃ ᠬᠦᠮᠦᠨᠯᠢᠭ ᠠᠮᠢ ᠠᠬᠤᠢ ᠶᠢᠨ ᠬᠤᠪᠢ ᠡᠴᠡ ᠰᠢᠨᠵᠢᠯᠡᠪᠡᠰᠦ᠂ ᠣᠪᠤᠭ᠎ᠠ ᠪᠣᠯ ᠮᠣᠩᠭᠤᠯ ᠰᠣᠶᠣᠯ ᠤᠨ ᠡᠭᠦᠰᠦᠯ ᠬᠦᠭᠵᠢᠯ ᠤᠨ ᠬᠦᠷᠦᠰᠦ ᠰᠢᠷᠤᠢ᠂ ᠮᠣᠩᠭᠤᠯ ᠦᠨᠳᠦᠰᠦᠲᠡᠨ ᠤ ᠨᠡᠢᠭᠡᠮ ᠤᠨ ᠬᠦᠳᠡᠯᠭᠡᠭᠡᠨ ᠤ ᠰᠠᠭᠤᠷᠢᠨ ᠭᠠᠵᠠᠷ ᠪᠣᠯᠤᠨ ᠦᠨᠳᠦᠰᠦᠲᠡᠨ ᠤ ᠵᠣᠷᠢᠭ ᠰᠠᠨᠠᠭᠠᠨ ᠤ ᠪᠡᠯᠭᠡᠳᠡᠯ ᠮᠦᠨ᠃ ᠡᠢᠮᠦ ᠡᠴᠡ ᠦᠭᠦᠯᠡᠯ ᠳ᠋ᠤ᠂ ᠤᠪᠤᠭᠠᠨ ᠲᠠᠬᠢᠯᠭ᠎ᠠ ᠲᠠᠢᠯᠠᠯᠭᠠ ᠪᠡᠷ ᠭᠤᠤᠯ ᠬᠡᠯᠪᠡᠷᠢ ᠪᠣᠯᠠᠭᠰᠠᠨ ᠤᠪᠤᠭᠠᠨ ᠰᠣᠶᠣᠯ ᠨᠢ ᠵᠦᠪᠬᠡᠨ ᠨᠢᠭᠡᠨ ᠵᠦᠢᠯ ᠤᠨ ᠰᠣᠶᠣᠯ ᠤᠨ ᠦᠵᠡᠭᠳᠡᠯ ᠲᠡᠳᠦᠢ ᠪᠢᠠᠢ᠂ ᠬᠠᠷᠢᠨ ᠨᠢᠭᠡᠨ ᠪᠦᠷᠢᠨ ᠲᠦᠭᠦᠷ ᠰᠣᠶᠣᠯ ᠤᠨ ᠠᠮᠢ ᠠᠬᠤᠢ ᠶᠢᠨ ᠰᠢᠰᠲ᠋ᠧᠮ ᠪᠣᠯᠬᠤ ᠶᠣᠮ᠃ ᠲᠡᠷᠡ ᠨᠢ ᠦᠪᠡᠷ ᠤᠨ ᠣᠨᠴᠠᠭᠠᠢ ᠰᠢᠰᠲ᠋ᠸᠮᠴᠢᠯᠡᠭᠰᠡᠨ ᠪᠦᠲᠦᠴᠡ ᠪᠡᠷ ᠢᠢᠡᠨ ᠨᠡᠢᠭᠡᠮ ᠤᠨ ᠲᠠᠰᠤᠷᠠᠯᠲᠠ ᠦᠭᠡᠢ ᠲᠠᠪᠰᠢᠵᠤ ᠭᠦᠭᠵᠢᠬᠦ ᠳ᠋ᠤ ᠴᠢᠬᠤᠯ ᠨᠦᠯᠦᠭᠡ ᠦᠵᠡᠭᠦᠯᠦᠨ ᠂ᠬᠦᠴᠦᠲᠡᠢ ᠠᠬᠢᠭᠤᠯᠤᠯ ᠪᠣᠯᠤᠭᠰᠠᠭᠠᠷ ᠢᠷᠡᠵᠡᠢ ᠬᠡᠮᠡᠨ ᠲᠤᠷᠠᠳᠤᠭᠰᠠᠨ ᠪᠠᠢᠨ᠎ᠠ᠃ |