Title |
ᠮᠣᠩᠭᠤᠯ ᠠᠷᠠᠳ ᠤᠨ ᠠᠮᠠᠨ ᠵᠤᠬᠢᠶᠠᠯ ᠤᠨ ᠤᠷᠠᠨ ᠳᠦᠷᠢ ᠶᠢ ᠰᠤᠳᠤᠯᠤᠭᠰᠠᠨ ᠲᠤᠢᠮᠤ |
Creator |
ᠬᠦᠭᠵᠢᠬᠦ |
Keyword |
ᠮᠣᠩᠭᠤᠯ ᠠᠮᠠᠨ ᠵᠤᠬᠢᠶᠠᠯ; ᠤᠷᠠᠨ ᠳᠦᠷᠢ ᠶᠢᠨ ᠰᠤᠳᠤᠯᠭᠠᠨ |
Abstract |
ᠠᠷᠠᠳ ᠤᠨ ᠠᠮᠠᠨ ᠵᠤᠬᠢᠶᠠᠯ ᠤᠨ ᠠᠩᠬ᠎ᠠ ᠪᠤᠢ ᠪᠤᠯᠤᠭᠰᠠᠨ ᠴᠠᠭ ᠦᠶ ᠡ ᠶᠢ ᠬᠦᠮᠦᠨ ᠲᠦᠷᠦᠯᠬᠢᠲᠡᠨ ᠳᠦ ᠬᠡᠯᠡ ᠶᠠᠷᠢᠶ᠎ᠠ ᠡᠭᠦᠰᠦᠭᠰᠡᠨ ᠴᠠᠭ ᠲᠠᠢ ᠬᠤᠯᠪᠤᠵᠤ ᠡᠷᠳᠡᠮᠲᠡᠳ ᠲᠠᠢᠯᠪᠤᠷᠢᠯᠠᠳᠠᠭ ᠪᠠᠢᠨ᠎ᠠ᠃ ᠮᠣᠩᠭᠤᠯ ᠠᠮᠠᠨ ᠵᠤᠬᠢᠶᠠᠯ ᠤᠨ ᠠᠩᠬᠠᠨ ᠤ ᠲᠦᠷᠦᠯ ᠵᠤᠢᠯ ᠤᠨ ᠮᠠᠰᠢ ᠡᠷᠲᠡ ᠴᠠᠭ ᠦᠶ᠎ᠡ ᠳᠦ ᠪᠤᠢ ᠪᠤᠯᠤᠭᠰᠠᠨ ᠨᠢ ᠮᠠᠳᠠᠭ ᠦᠭᠡᠢ ᠪᠦᠭᠡᠳ ᠪᠢᠴᠢᠭ ᠦᠨ ᠵᠤᠬᠢᠶᠠᠯ ᠪᠦᠷᠢᠳᠦᠨ ᠲᠤᠭᠲᠠᠬᠤ ᠠᠴᠠ ᠡᠮᠦᠨ᠎ᠡ᠂ ᠤᠷᠲᠤ ᠤᠳᠠᠭᠠᠨ ᠬᠤᠭᠤᠴᠠᠭᠠᠨ ᠳᠤ ᠬᠦᠮᠦᠨ ᠨᠡᠢᠭᠡᠮ ᠦᠨ ᠤᠶᠤᠨ ᠤ ᠰᠤᠶᠤᠯ ᠤᠨ ᠣᠯᠠᠨ ᠲᠠᠯ᠎ᠠ ᠶᠢᠨ ᠬᠡᠷᠡᠭᠴᠡᠭᠡ ᠶᠢ ᠬᠠᠩᠭᠠᠭᠰᠠᠭᠠᠷ ᠢᠷᠡᠵᠡᠢ᠃ ᠲᠤᠰ ᠦᠭᠦᠯᠡᠯ ᠳᠦ᠂ ᠤᠯᠤᠰ ᠤᠨ ᠳᠤᠲᠤᠭᠠᠳᠤ ᠭᠠᠳᠠᠭᠠᠳᠤ ᠶᠢᠨ ᠮᠣᠩᠭᠤᠯ ᠠᠮᠠᠨ ᠵᠤᠬᠢᠶᠠᠯ ᠤᠨ ᠤᠷᠠᠨ ᠳᠦᠷᠢ ᠶᠢᠨ ᠰᠤᠳᠤᠯᠭᠠᠨ ᠤ ᠦᠷ᠎ᠡ ᠪᠦᠲᠦᠭᠡᠯ ᠢ ᠰᠢᠨᠵᠢᠯᠡᠵᠦ᠂ ᠵᠢᠩᠬᠢᠨᠢ ᠰᠤᠳᠤᠯᠭᠠᠨ ᠰᠢᠨᠵᠢᠯᠡᠭᠡᠨ ᠦ ᠡᠬᠢᠯᠡᠯᠲᠡ ᠶᠢ ᠨᠡᠭᠡᠭᠡᠭᠰᠡᠨ ᠬᠦᠮᠦᠨ ᠨᠢ ᠭᠠᠳᠠᠭᠠᠳᠤ ᠶᠢᠨ ᠡᠷᠳᠡᠮᠲᠡᠳ ᠭᠡᠵᠦ ᠦᠵᠡᠭᠰᠡᠨ ᠪᠦᠭᠡᠳ ᠢᠯᠠᠩᠭᠤᠶ᠎ᠠ ᠣᠷᠤᠰ ᠵᠦᠪᠯᠡᠯᠲᠦ ᠶᠢᠨ ᠡᠷᠳᠡᠮᠲᠡᠳ ᠦᠨ ᠮᠣᠩᠭᠤᠯ ᠠᠮᠠᠨ ᠵᠤᠬᠢᠶᠠᠯ ᠢ ᠡᠮᠬᠢᠳᠭᠡᠨ ᠴᠤᠭᠯᠠᠭᠤᠯᠵᠤ ᠣᠷᠴᠢᠭᠤᠯᠤᠨ ᠬᠡᠪᠯᠡᠭᠦᠯᠬᠦ ᠲᠠᠯ᠎ᠠ ᠪᠠᠷ ᠯᠤᠳᠤ ᠶᠡᠬᠡ ᠬᠦᠴᠦ ᠵᠠᠷᠤᠴᠠᠭᠤᠯᠤᠭᠰᠠᠨ ᠭᠡᠳᠡᠭ ᠢ ᠨᠤᠲᠠᠯᠠᠭᠰᠠᠨ ᠪᠠᠢᠨ᠎ᠠ᠃ |
Original Literature |
No Original Paper
|
出自 |
内蒙古民族大学学报(社会科学)
2003年
第3期
|