Paper Information


Title ᠣᠳᠣᠬᠢᠴᠢ ᠨᠡᠢ᠌ᠢᠭᠡᠮ ᠦᠨ ᠣᠷᠴᠢᠨ ᠠᠬᠤᠢ ᠳᠠᠬᠢ ᠦᠨᠳᠦᠰᠦᠲᠡᠨ ᠦ ᠣᠷᠤᠨ ᠤ ᠨᠤᠮ ᠤᠨ ᠰᠠᠩ ᠤᠨ ᠳᠤᠲᠤᠭᠠᠳᠤ ᠶᠢᠨ ᠦᠷᠢᠰᠦᠯᠳᠦᠬᠦ ᠬᠦᠴᠦᠨ ᠦ ᠪᠠᠢ᠌ᠢᠭᠤᠯᠤᠯᠲᠠ ᠶᠢᠨ ᠲᠤᠬᠠᠢ
Creator ᠪᠠᠢ ᠮᠧᠢ ᠶᠦᠨ
Keyword ᠦᠨᠳᠦᠰᠦᠲᠡᠨ ᠦ ᠣᠷᠤᠨ; ᠨᠤᠮ ᠤᠨ ᠰᠠᠩ; ᠳᠤᠲᠤᠭᠠᠳᠤ ᠦᠷᠢᠰᠦᠯᠳᠦᠬᠦ ᠬᠦᠴᠦᠨ
Abstract ᠰᠢᠨᠵᠢᠯᠡᠬᠦ ᠤᠬᠠᠭᠠᠨ ᠮᠡᠷᠭᠡᠵᠢᠯ ᠦᠨ ᠬᠦ᠍ᠭ᠍ᠵᠢᠯᠲᠡ᠂ ᠴᠠᠭ ᠦᠶ᠎ᠡ ᠶᠢᠨ ᠬᠤᠪᠢᠷᠠᠯᠲᠠ᠂ ᠢᠯᠠᠩ᠋ᠭᠤᠶ᠎ᠠ ᠣᠳᠣᠬᠢᠴᠢ ᠨᠡᠢ᠌ᠭᠡᠮ ᠦᠨ ᠣᠷᠴᠢᠨ ᠠᠬᠤᠢ ᠳᠤ᠂ ᠨᠡᠢ᠌ᠭᠡᠮ ᠦᠨ ᠦᠢᠯᠡᠴᠢᠯᠡᠭᠡᠨ ᠨᠢ ᠨᠡᠢ᠌ᠭᠡᠮ ᠦᠨ ᠬᠦᠭ᠍ᠵᠢᠯᠲᠡ ᠶᠢᠨ ᠭᠤᠤᠯ ᠡᠯᠧᠮᠧᠨ᠋᠋ᠲ ᠪᠠ ᠬᠦᠴᠦᠨ ᠵᠤᠢ᠌ᠯ ᠪᠤᠯᠵᠤ᠂ ᠨᠡᠢ᠌ᠭᠡᠮ ᠦᠨ ᠦᠷᠢᠰᠦᠯᠳᠦᠭᠡᠨ ᠨᠢ ᠨᠢᠭᠡ ᠬᠡᠮᠵᠢᠶᠡᠨ ᠳᠦ ᠨᠡᠢ᠌ᠭᠡᠮ ᠦᠨ ᠦᠢᠯᠡᠴᠢᠯᠡᠭᠡᠨ ᠦ ᠦᠷᠢᠰᠦᠯᠳᠦᠭᠡᠨ ᠪᠤᠯᠪᠠ᠃ ᠨᠡᠢ᠌ᠭᠡᠮ ᠦᠨ ᠦᠢᠯᠡᠴᠢᠯᠡᠭᠡ ᠶᠢᠨ ᠰᠠᠯᠠᠭ᠎ᠠ ᠮᠦᠴᠢᠷ ᠦᠨ ᠨᠢᠭᠡ ᠪᠤᠯᠤᠭᠰᠠᠨ ᠤ ᠬᠤᠪᠢ ᠳᠤ᠂ ᠨᠤᠮ ᠤᠨ ᠰᠠᠩ ᠤᠨ ᠨᠡᠢ᠌ᠭᠡᠮ ᠦᠨ ᠮᠡᠳᠡᠯᠭᠡ ᠪᠡ ᠰᠤᠷᠠᠭ ᠵᠠᠩᠭᠢ ᠶᠢᠨ ᠲᠦᠪ ᠪᠤᠯᠬᠤ ᠤᠯᠠᠮᠵᠢᠯᠠᠯᠲᠤ ᠪᠠᠢ᠋ᠷᠢ ᠰᠠᠭᠤᠷᠢ ᠨᠢ ᠰᠢᠷᠦᠭᠦᠨ ᠦᠷᠢᠰᠦᠯᠳᠦᠭᠡᠨ ᠳᠦ ᠲᠤᠯᠭᠠᠷᠠᠪᠠ᠃ ᠦᠭᠦᠯᠡᠯ ᠳᠦ ᠂ ᠨᠤᠮ ᠤᠨ ᠰᠠᠩ ᠤᠨ ᠳᠤᠲᠤᠭᠠᠳᠤ ᠶᠢᠨ ᠦᠷᠢᠰᠦᠯᠳᠦᠬᠦ ᠬᠦᠴᠦᠨ ᠦ ᠣᠨᠣᠯ ᠤᠨ ᠡᠭᠦᠳᠡᠨ ᠡᠴᠡ ᠦᠨᠳᠦᠰᠦᠲᠡᠨ ᠦ ᠣᠷᠤᠨ ᠤ ᠨᠤᠮ ᠤᠨ ᠰᠠᠩ ᠤᠨ ᠳᠤᠲᠤᠭᠠᠳᠤ ᠶᠢᠨ ᠦᠷᠢᠰᠦᠯᠳᠦᠬᠦ ᠬᠦᠴᠦᠨ ᠦ ᠪᠠᠢ᠌ᠭᠤᠯᠤᠯᠲᠠ ᠳᠤ ᠴᠢᠭᠯᠡᠭᠦᠯᠦᠨ ᠪᠦᠲᠦᠭᠡᠯᠴᠢ ᠴᠢᠨᠠᠷ ᠪᠦᠬᠦᠢ ᠠᠷᠭ᠎ᠠ ᠪᠤᠳᠤᠯᠭ᠎ᠠ ᠪᠠ ᠰᠠᠨᠠᠯ ᠵᠦᠪᠯᠡᠯᠭᠡ ᠪᠡᠨ ᠳᠡᠪᠰᠢᠭᠦᠯᠦᠭᠰᠡᠨ ᠪᠠᠢ᠌ᠨ᠎ᠠ᠃
Original Literature View Original Paper
出自 中国蒙古学 2014年 第1期

联系我们


内蒙古大学图书馆
呼和浩特市大学西路235号
中国·内蒙古
P: (0471) 4992561
E: huangfeilong@imu.edu.cn