Paper Information


Title ᠡᠯᠢᠭᠡᠨ ᠬᠦᠷᠬᠦᠮ -7᠋ ᠶᠢᠨ ᠨᠠᠢᠷᠠᠯᠭ᠎ᠠ ᠶᠢᠨ ᠡᠲ᠋ᠢᠯ ᠠᠯᠺᠤᠤ ᠠᠴᠠ ᠪᠤᠯᠤᠭᠰᠠᠨ ᠲᠤᠮᠤ ᠬᠤᠯᠤᠭᠠᠨ᠎ᠠ ᠶᠢᠨ ᠡᠯᠢᠭᠡᠨ ᠭᠡᠮᠲᠦᠯ ᠳᠦ ᠦᠵᠡᠭᠦᠯᠬᠦ ᠨᠦᠯᠦᠭᠡ ᠶᠢᠨ ᠲᠤᠬᠠᠢ ᠰᠤᠳᠤᠯᠭᠠᠨ
Creator ᠡᠦ ᠪᠤᠤ ᠶᠠᠨ; ᠵᠤᠤ ᠮᠧᠢ ᠬᠤᠸᠠ; ᠯᠢ ᠮᠧᠢ; ᠦᠵᠦᠮ; ᠷᠧᠨ ᠰᠢᠶᠤᠤ ᠮᠠᠨ; ᠵᠤᠷᠢᠭᠲᠤ; ᠯᠢ ᠯᠢ
Keyword ᠡᠯᠢᠭᠡᠨ ᠬᠦᠷᠬᠦᠮ -7᠋ ᠶᠢᠨ ᠨᠠᠢᠷᠠᠯᠭ᠎ᠠ; ᠡᠲ᠋ᠢᠯ ᠠᠯᠺᠤᠤᠯ ᠤᠨ ᠴᠢᠨᠠᠷᠲᠠᠢ ᠡᠯᠢᠭᠡᠨ ᠦ ᠭᠡᠮᠲᠦᠯ; ᠡᠯᠢᠭᠡᠨ ᠨᠡᠭᠡᠳᠡᠰᠦᠨ ᠵᠦᠢ ᠶᠢᠨ ᠤᠬᠠᠭᠠᠨ
Abstract ᠡᠯᠢᠭᠡᠨ ᠬᠦᠷᠬᠦᠮ -7᠋ ᠶᠢᠨ ᠨᠠᠢᠷᠠᠯᠭ᠎ᠠ ᠶᠢᠨ ᠡᠲ᠋ᠢᠯ ᠠᠯᠺᠤᠤᠯ ᠠᠴᠠ ᠪᠤᠯᠤᠭᠰᠠᠨ ᠲᠤᠮᠤ ᠬᠤᠯᠤᠭᠠᠨ᠎ᠠ ᠶᠢᠨ ᠡᠯᠢᠭᠡᠨ ᠭᠡᠮᠲᠦᠯ ᠢ ᠰᠠᠢᠵᠢᠷᠠᠭᠤᠯᠬᠤ ᠦᠢᠯᠡᠳᠦᠯ ᠦᠨ ᠲᠤᠬᠠᠢ ᠰᠤᠳᠤᠯᠭᠠᠨ ᠬᠢᠪᠡ᠃ ᠠᠷᠭ᠎ᠠ᠄ SD ᠡᠭᠦᠯᠳᠡᠷ ᠦᠨ ᠡᠷᠡᠭᠦᠯ ᠡᠷ᠎ᠡ ᠬᠤᠯᠤᠭᠠᠨ᠎ᠠ 100 ᠶᠢ 5 ᠳᠤᠭᠤᠢᠯᠠᠩ ᠬᠤᠪᠢᠶᠠᠵᠤ᠂ ᠡᠲ᠋ᠢᠯ ᠠᠯᠺᠤᠤᠯ ᠢᠶᠠᠷ ᠡᠷ᠎ᠡ ᠬᠤᠯᠤᠭᠠᠨ᠎ᠠ ᠶᠢᠨ ᠡᠯᠢᠭᠡᠨ ᠭᠡᠮᠲᠦᠯ ᠦᠨ ᠵᠠᠭᠪᠤᠷ ᠪᠦᠲᠦᠭᠡᠵᠦ᠂ ᠬᠠᠮᠲᠤ ᠳᠤ ᠨᠢ ᠡᠯᠢᠭᠡᠨ ᠬᠦᠷᠬᠦᠮ -7᠋ ᠶᠢᠨ ᠨᠠᠢᠷᠠᠯᠭ᠎ᠠ ᠶᠢ ᠦᠭᠴᠦ᠂ ALT᠂ AST᠂ HE ᠪᠤᠳᠤᠭᠳᠠᠮᠠᠬᠠᠢ ᠡᠳ᠋ ᠢᠶᠡᠷ ᠡᠯᠢᠭᠡᠨ ᠨᠡᠭᠡᠳᠡᠰᠦᠨ ᠦ ᠡᠪᠡᠳᠴᠢᠨ ᠦ ᠵᠦᠢ ᠶᠢᠨ ᠬᠤᠪᠢᠷᠠᠯᠲᠠ ᠶᠢ ᠬᠡᠮᠵᠢᠪᠡ᠃ ᠦᠷ᠎ᠡ ᠳ᠋᠋ᠦᠩ᠄ ᠡᠯᠢᠭᠡᠨ ᠬᠦᠷᠬᠦᠮ -7᠋ ᠶᠢᠨ ᠨᠠᠢᠷᠠᠯᠭ᠎ᠠ ᠶᠢᠨ ᠡᠲ᠋ᠢᠯ ᠠᠯᠺᠤᠤᠯ ᠳᠤ ᠬᠤᠤᠷᠳᠠᠭᠰᠠᠨ ᠬᠤᠯᠤᠭᠠᠨ᠎ᠠ ᠶᠢᠨ AST᠂ ALT ᠋ ᠢ ᠪᠠᠭᠤᠷᠠᠭᠤᠯᠵᠤ ᠡᠯᠢᠭᠡᠨ ᠨᠡᠭᠡᠳᠡᠰᠦᠨ ᠦ ᠡᠰ ᠦᠨ ᠴᠢᠨᠠᠷ ᠤᠨ ᠬᠤᠪᠢᠷᠠᠬᠤ ᠦᠵᠡᠭᠳᠡᠯ ᠮᠡᠳᠡᠭᠳᠡᠮ᠎ᠡ ᠪᠠᠭᠠᠰᠬᠤ ᠬᠤᠪᠢᠷᠠᠯᠲᠠ ᠲᠠᠢ᠃ ᠳ᠋ᠦᠩᠨᠡᠯᠲᠡ᠄ ᠡᠯᠢᠭᠡᠨ ᠬᠦᠷᠬᠦᠮ -7᠋ ᠶᠢᠨ ᠨᠠᠢᠷᠠᠯᠭ᠎ᠠ ᠶᠢᠨ ᠡᠲ᠋ᠢᠯ ᠠᠯᠺᠤᠤᠯ ᠤᠨ ᠴᠢᠨᠠᠷᠲᠠᠢ ᠡᠯᠢᠭᠡᠨ ᠭᠡᠮᠲᠦᠯ ᠢ ᠮᠡᠳᠡᠭᠳᠡᠮ᠎ᠡ ᠰᠠᠢᠵᠢᠷᠠᠭᠤᠯᠬᠤ ᠦᠢᠯᠡᠳᠦᠯ ᠲᠡᠢ ᠪᠠᠢᠬᠤ ᠶᠢ ᠮᠡᠳᠡᠭᠰᠡᠨ ᠪᠠᠢᠨ᠎ᠠ᠃
Original Literature No Original Paper
出自 内蒙古民族大学学报(自然科学) 2015年 第2期

联系我们


内蒙古大学图书馆
呼和浩特市大学西路235号
中国·内蒙古
P: (0471) 4992561
E: huangfeilong@imu.edu.cn